ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠠᠷᠭ᠎ᠠ︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/9/2
   ᠣᠶᠢᠷ᠎ᠠ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠭᠦ ᠥᠬᠡᠶ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠳᠦᠭᠦᠮᠴᠢᠯᠡᠨ᠎ᠠ︶ ᠶᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠶ ᠵᠢᠷᠤᠮᠯᠠᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃   ︽ᠠᠷᠭ᠎ᠠ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠦᠷᠢᠮ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠠᠵᠢᠯ ᠤᠨ ᠲᠦᠷᠢᠮ︾ ᠢᠶᠠᠷ ᠦᠨᠳᠦᠰᠦᠯᠡᠯ ᠪᠣᠯᠭᠠᠵᠤ᠂ ᠨᠠᠮ ᠤᠨ ᠭᠡᠰᠢᠭᠦᠨ ᠤ ᠪᠠᠷᠢᠮᠵᠢᠶ᠎ᠠ ᠶᠢ ᠪᠠᠷᠢᠮᠲᠠᠯᠠᠵᠤ᠂ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠪᠤᠰᠤᠳᠴᠢ ᠲᠥᠪ ᠭᠤᠤᠯᠴᠢ᠂ ᠪᠣᠯᠭᠤᠮᠵᠢᠲᠠᠶ ᠯᠠᠪᠳᠠᠭᠤᠨ᠂ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠢᠷᠤᠮᠯᠠᠬᠤ ᠶᠢ ᠪᠠᠷᠢᠮᠲᠠᠯᠠᠵᠤ᠂ ᠬᠢᠷᠢ ᠲᠡᠩᠴᠡᠭᠦ ᠥᠬᠡᠶ ᠨᠠᠮ ᠤᠨ ᠭᠡᠰᠢᠭᠦᠨ ᠢ ᠵᠤᠬᠢᠶᠠᠨ ᠪᠠᠶᠢᠭᠤᠯᠤᠯᠳᠠ ᠠᠴᠠ ᠰᠶᠢᠳᠪᠦᠷᠢᠯᠡᠬᠦ ᠲᠤᠬᠠᠶ ᠲᠤᠰᠬᠠᠶᠢᠯᠠᠨ ᠲᠣᠭᠲᠠᠭᠠᠭᠰᠠᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠣᠯᠤᠨ᠎ᠠ᠃ ︽ᠠᠷᠭ᠎ᠠ︾ ᠶᠢ ᠲᠣᠭᠲᠠᠭᠠᠵᠤ ᠬᠡᠷᠡᠭᠵᠢᠭᠦᠯᠦᠭᠰᠡᠨ ᠨᠢ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠢᠲᠡᠭᠡᠯ ᠪᠢᠰᠢᠷᠡᠯ ᠨᠢ ᠪᠠᠲᠤ ᠴᠢᠩᠭ᠎ᠠ᠂ ᠤᠯᠤᠰ ᠲᠥᠷᠥ ᠶᠢᠨ ᠲᠠᠯ᠎ᠠ ᠪᠠᠷ ᠨᠠᠶᠢᠳᠠᠪᠤᠷᠢᠲᠠᠶ᠂ ᠪᠦᠲᠦᠴᠡ ᠨᠢ ᠵᠦᠶ ᠵᠣᠬᠢᠰᠲᠠᠶ᠂ ᠬᠡᠪ ᠪᠤᠯᠪᠠᠰᠤᠷᠠᠯ ᠨᠢ ᠰᠢᠯᠢᠳᠡᠭ ᠰᠠᠶᠢᠨ᠂ ᠰᠠᠬᠢᠯᠭ᠎ᠠ ᠪᠠᠲᠤ ᠪᠠᠷ ᠴᠢᠩᠭ᠎ᠠ᠂ ᠦᠢᠯᠡᠳᠦᠯ ᠨᠢ ᠲᠣᠪᠤᠶᠢᠮ᠎ᠠ ᠨᠠᠮ ᠤᠨ ᠭᠡᠰᠢᠭᠦᠨ ᠤ ᠡᠩᠨᠡᠭᠡ ᠶᠢ ᠪᠠᠶᠢᠭᠤᠯᠵᠤ᠂ ᠨᠠᠮ ᠤᠨ ᠠᠮᠢᠵᠢᠷᠠᠯ ᠤᠨ ᠬᠦᠴᠦᠨ ᠪᠠ ᠴᠤᠭ ᠵᠢᠪᠬᠤᠭ᠎ᠠ ᠶᠢ ᠲᠠᠰᠤᠷᠠᠯᠲᠠ ᠥᠬᠡᠶ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃   ︽ᠠᠷᠭ᠎ᠠ︾ ᠨᠢ ᠨᠡᠶᠢᠲᠡ 27 ᠵᠦᠢᠯ ᠪᠠᠶᠢᠵᠤ᠂ ᠭᠤᠤᠯᠳᠠᠭᠤ 4 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄ ᠨᠢᠭᠡ ᠳᠤ᠂ ᠵᠣᠬᠢᠶᠠᠨ ᠪᠠᠶᠢᠭᠤᠯᠤᠯᠲᠠ ᠠᠴᠠ ᠰᠶᠢᠳᠪᠦᠷᠢᠯᠡᠬᠦ ᠶᠡᠷᠦᠩᠬᠡᠶ ᠱᠠᠭᠠᠷᠳᠠᠯᠭ᠎ᠠ᠂ ᠤᠬᠠᠭᠳᠠᠬᠤᠨ ᠪᠠ ᠠᠷᠭ᠎ᠠ ᠮᠠᠶ᠋ᠢᠭ᠂ ᠵᠠᠷᠴᠢᠮ ᠵᠡᠷᠭᠡ ᠳᠤ ᠲᠣᠭᠲᠠᠭᠠᠯ ᠭᠠᠷᠭᠠᠪᠠ︔ ᠬᠤᠶᠠᠷ ᠲᠤ᠂ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ᠂ ᠢᠳᠬᠠᠵᠤ ᠨᠠᠮ ᠠᠴᠠ ᠭᠠᠷᠭᠠᠬᠤ ᠪᠠ ᠨᠡᠷ᠎ᠡ ᠶᠢ ᠨᠢ ᠬᠠᠰᠤᠬᠤ ᠳᠤ ᠲᠤᠬᠢᠷᠠᠬᠤ ᠪᠠᠶᠢᠳᠠᠯ ᠢ ᠲᠣᠭᠲᠠᠭᠠᠵᠤ᠂ ᠰᠢᠢᠳᠪᠦᠷᠢᠯᠡᠬᠦ ᠳᠡᠰ ᠳᠠᠷᠠᠭᠠᠯᠠᠯ ᠵᠢᠴᠢ ᠰᠡᠭᠦᠯᠴᠢ ᠶᠢᠨ ᠵᠦᠢᠯᠡᠰ ᠢ ᠨᠠᠷᠢᠯᠢᠬᠵᠢᠭᠤᠯᠪᠠ︔ ᠭᠤᠷᠪᠠ ᠳᠤ᠂ ᠰᠢᠢᠳᠪᠦᠷᠢᠯᠡᠬᠦ ᠦᠭᠡᠢ ᠪᠠᠶᠢᠵᠤ ᠪᠣᠯᠬᠤ ᠪᠠᠶᠢᠳᠠᠯ᠂ ᠨᠡᠶᠢᠯᠡᠭᠦᠯᠦᠨ ᠰᠢᠢᠳᠪᠦᠷᠢᠯᠡᠬᠦ ᠵᠡᠷᠭᠡ ᠡᠵᠡᠮᠳᠡᠬᠦ ᠶᠣᠰᠣᠲᠠᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠲᠣᠭᠲᠠᠭᠠᠯ ᠭᠠᠷᠭᠠᠪᠠ︔ ᠲᠦᠷᠪᠡ ᠳᠤ᠂ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠠᠵᠢᠯ ᠤᠨ ᠬᠠᠷᠢᠭᠤᠴᠠᠯᠭ᠎ᠠ᠂ ᠠᠵᠢᠯ ᠤᠨ ᠰᠠᠬᠢᠯᠭ᠎ᠠ ᠪᠠᠲᠤ ᠵᠡᠷᠭᠡ ᠶᠢ ᠲᠣᠭᠲᠠᠭᠠᠪᠠ᠃   ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠲᠠ ᠠᠴᠠ ᠰᠶᠢᠳᠪᠦᠷᠢᠯᠡᠬᠦ ᠶᠢ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢᠨ ᠨᠢᠭᠡ ᠵᠦᠢᠯ ᠤᠨ ᠰᠠᠭᠤᠷᠢ ᠴᠢᠨᠠᠷᠲᠠᠢ ᠠᠵᠢᠯ ᠪᠣᠯᠭᠠᠨ ᠠᠳᠬᠤᠵᠤ᠂ ︽ᠠᠷᠭ᠎ᠠ︾ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃ ᠰᠤᠷᠤᠯᠴᠠᠯᠭ᠎ᠠ ᠪᠣᠯᠪᠠᠰᠤᠷᠠᠯ ᠢ ᠴᠢᠩᠭᠠᠳᠬᠠᠵᠤ᠂ ᠲᠤᠰᠬᠠᠶ ᠰᠡᠳᠦᠪ ᠢᠶᠠᠷ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠨᠠᠮ ᠤᠨ ᠭᠡᠰᠢᠭᠦᠳ ᠲᠤ ︽ᠠᠷᠭ᠎ᠠ︾ ᠶᠢᠨ ᠵᠣᠷᠢᠭ ᠰᠠᠨᠠᠭ᠎ᠠ ᠶᠢ ᠣᠨᠣᠪᠴᠢᠲᠠᠶ ᠣᠶᠢᠯᠠᠭᠠᠭᠤᠯᠵᠤ᠂ ︽ᠠᠷᠭ᠎ᠠ︾ ᠶᠢᠨ ᠠᠭᠤᠯᠭ᠎ᠠ ᠶᠢ ᠪᠥᠬᠦ ᠲᠠᠯ᠎ᠠ ᠪᠠᠷ ᠡᠵᠡᠮᠰᠢᠭᠦᠯᠵᠦ᠂ ︽ᠠᠷᠭ᠎ᠠ︾ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠴᠢᠩᠭ᠎ᠠ ᠪᠠᠷᠢᠮᠵᠢᠶ᠎ᠠ ᠪᠠ ᠪᠣᠳᠠᠲᠠᠢ ᠠᠷᠭ᠎ᠠ ᠬᠡᠮᠵᠢᠶ᠎ᠡ ᠶᠢ ᠪᠠᠷᠢᠮᠲᠠᠯᠠᠵᠤ᠂ ᠰᠤᠷᠭᠠᠨ ᠬᠥᠮᠦᠵᠢᠭᠦᠯᠬᠦ᠂ ᠤᠨᠳᠤᠤᠰᠢᠭᠤᠯᠤᠨ ᠳᠡᠭᠡᠭᠰᠢᠯᠡᠭᠦᠯᠬᠦ ᠳᠤ ᠰᠠᠭᠤᠷᠢᠯᠠᠨ᠂ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠳᠠ ᠠᠴᠠ ᠰᠢᠢᠳᠪᠦᠷᠢᠯᠡᠬᠦ ᠠᠵᠢᠯ ᠢ ᠴᠠᠭ ᠲᠤᠬᠠᠢ ᠳᠤᠨᠢ ᠲᠥᠪ ᠴᠢᠩᠭ᠎ᠠ ᠥᠷᠨᠢᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠡᠵᠡᠮᠳᠡᠨ᠂ ᠲᠠᠰ ᠳᠠᠷᠠᠭᠠᠯᠠᠯ ᠢ ᠴᠢᠩᠭ᠎ᠠ ᠭᠦᠢᠴᠡᠳᠭᠡᠵᠦ᠂ ᠠᠰᠠᠭᠤᠳᠠᠯ ᠢ ᠪᠥᠬᠦ ᠲᠠᠯ᠎ᠠ ᠪᠠᠷ ᠣᠨᠣᠪᠴᠢᠲᠠᠶ ᠪᠠᠶᠢᠴᠠᠭᠠᠨ ᠬᠠᠷᠭᠤᠭᠤᠯᠵᠤ᠂ ᠪᠤᠰᠤᠳᠴᠢ ᠲᠥᠪ ᠭᠤᠤᠯᠴᠢ ᠪᠠᠷ ᠰᠢᠢᠳᠪᠦᠷᠢᠯᠡᠬᠦ ᠲᠣᠭᠲᠠᠭᠠᠯ ᠭᠠᠷᠭᠠᠬᠤ ᠬᠡᠷᠡᠭᠲᠡᠶ᠃ ᠲᠦᠷᠢᠮ ᠢ ᠰᠠᠶᠢᠲᠤᠷ ᠵᠣᠯᠭᠠᠭᠤᠯᠵᠤ᠂ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ︽ᠠᠷᠭ᠎ᠠ︾ ᠶᠢᠨ ᠡᠯ᠎ᠡ ᠵᠦᠢᠯ ᠤᠨ ᠲᠣᠭᠲᠠᠭᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 29 ᠤ ᠴᠠᠬᠢᠯᠭᠠᠨ ᠮᠡᠳᠡᠭᠡ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号