ᠪᠠᠶᠠᠨᠨᠠᠭᠤᠷ ᠰᠤᠮᠤ 2024 ᠣᠨ ᠤ ᠨᠠᠮᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠨᠠᠮᠤᠷ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/20
   ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ 2024 ᠣᠨ ᠤ ᠨᠠᠮᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃ ᠣᠶᠢᠷ᠎ᠠ ᠳᠤ᠂ ᠪᠠᠶᠠᠨᠨᠠᠭᠤᠷ ᠰᠤᠮᠤ 2024 ᠣᠨ ᠤ ᠨᠠᠮᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠰᠤᠮᠤᠨ ᠤ ᠪᠠᠭ ᠤᠨ ᠪᠦᠷᠢᠯᠳᠦᠬᠦᠨ᠂ ᠡᠯ᠎ᠡ ᠥᠷᠲᠡᠭᠡ ᠠᠯᠪᠠᠨ ᠭᠡᠷ ᠤᠨ ᠬᠠᠷᠢᠭᠤᠴᠠᠯᠭᠠᠲᠠᠨ᠂ ᠭᠠᠴᠠᠭᠠᠨ ᠤ ᠱᠦᠵᠢ ᠬᠤᠷᠠᠯ ᠳᠤ ᠣᠷᠣᠯᠴᠠᠪᠠ᠃    ᠬᠤᠷᠠᠯ ᠠᠴᠠ ᠡᠩ ᠲᠡᠷᠢᠭᠦᠨ ᠳᠤ ᠨᠠᠮ ᠤᠨ ᠬᠤᠷᠢᠶᠠᠨ ᠤ ᠱᠦᠵᠢ ᠪᠦᠦ ᠶᠠᠨ ᠴᠦᠨ ᠳᠡᠭᠡᠳᠦ ᠱᠠᠲᠤᠨ ᠤ ᠨᠠᠮᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠢ ᠬᠠᠮᠤᠭ ᠤᠨ ᠰᠢᠨ᠎ᠡ ᠵᠢᠭᠠᠪᠤᠷᠢ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠳᠣᠬᠠᠨ ᠤ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠴᠢᠬᠤᠯᠠᠴᠢᠯᠠᠪᠠ᠃ ᠡᠯ᠎ᠡ ᠭᠠᠴᠠᠭ᠎ᠠ᠂ ᠡᠯ᠎ᠡ ᠰᠠᠯᠠᠭ᠎ᠠ ᠮᠥᠴᠢᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠳᠤᠮᠳᠠᠬᠢ ᠪᠣᠳᠠᠲᠠᠢ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠪᠠᠷ ᠱᠠᠭᠠᠷᠳᠠᠵᠤ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠠᠴᠠ ᠵᠥᠷᠢᠴᠡᠨ ᠭᠠᠯ ᠬᠡᠷᠡᠭᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠯ ᠤᠨ ᠠᠶᠤᠯ ᠤᠨ ᠳᠠᠯᠳᠠ ᠭᠡᠮ ᠢ ᠡᠬᠢ ᠡᠭᠦᠰᠦᠯ ᠠᠴᠠ ᠨᠢ ᠠᠷᠢᠯᠭᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠭᠠᠯ ᠲᠦᠢᠮᠡᠷ ᠭᠠᠷᠤᠮᠠᠭᠴᠠ ᠳᠠᠷᠤᠢ ᠲᠦᠷᠭᠡᠨ ᠳᠠᠭᠠᠵᠤ᠂ ᠪᠦᠲᠦᠮᠵᠢᠲᠡᠢ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃    ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠪᠦᠦ ᠴᠧᠩ ᠴᠢᠬᠤᠯᠠ ᠶᠠᠷᠢᠶ᠎ᠠ ᠲᠠᠯᠪᠢᠵᠤ᠂ ᠪᠦᠬᠦ ᠰᠤᠮᠤ ᠶᠢᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠵᠢᠴᠢ ᠰᠤᠮᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠦᠬᠦ ᠲᠠᠯ᠎ᠠ ᠶᠢᠨ ᠳᠠᠶᠢᠴᠢᠯᠠᠯᠲᠠ ᠪᠠ ᠪᠠᠶᠢᠷᠢᠯᠠᠭᠤᠯᠤᠯᠲᠠ ᠬᠢᠵᠦ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠢ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠦᠳᠲᠡᠷ ᠲᠦᠷᠭᠡᠨ ᠬᠥᠳᠡᠯᠦᠯᠴᠡᠵᠦ᠂ ᠨᠠᠮᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠨᠠᠮᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠬᠤᠷᠠᠯᠳᠤᠭᠰᠠᠨ ᠳᠤ ᠬᠠᠮᠵᠢᠯᠴᠠᠬᠤ ᠶᠢᠨ ᠲᠥᠯᠥᠭᠡ᠂ ᠪᠠᠶᠠᠨᠨᠠᠭᠤᠷ ᠰᠤᠮᠤ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠠᠵᠢᠯ ᠢ ᠵᠡᠷᠭᠡᠪᠡᠷ ᠡᠬᠢᠯᠡᠭᠦᠯᠵᠦ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠲᠠᠷᠢᠶᠠᠯᠠᠩ ᠤᠨ ᠮᠠᠰᠢᠨ ᠤ ᠥᠷᠲᠡᠭᠡ ᠵᠡᠷᠭᠡ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠤᠬᠠᠭᠤᠯᠭ᠎ᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠪᠡ᠃    ᠬᠥᠨᠳᠡᠯᠡᠨ ᠪᠢᠴᠢᠭᠡᠰᠦ ᠡᠯᠭᠦᠬᠦ᠂ ᠤᠷᠢᠶ᠎ᠠ ᠯᠣᠽᠦ᠋ᠩ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠤᠮᠤᠨ ᠤ ᠬᠠᠷᠢᠶ᠎ᠠ ᠣᠷᠣᠨ ᠳᠤ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ ᠵᠣᠬᠢᠶᠠᠨ ᠪᠠᠶᠢᠭᠤᠯᠬᠤ ᠤᠬᠠᠭᠤᠯᠬᠤ ᠰᠠᠯᠪᠤᠷᠢ ᠪᠠᠭ᠎ᠠ ᠠᠩᠭᠢ ᠡᠯ᠎ᠡ ᠭᠠᠴᠠᠭ᠎ᠠ᠂ ᠲᠠᠷᠢᠶᠠᠴᠢᠨ ᠡᠷᠦᠬᠡ ᠳᠤ ᠭᠦᠨᠵᠡᠭᠡᠶᠢᠷᠡᠵᠦ᠂ ᠭᠠᠯ ᠰᠡᠷᠭᠡᠶᠢᠯᠡᠬᠦ ᠮᠡᠳᠡᠯᠭᠡ ᠶᠢ ᠨᠢᠭᠤᠷᠳᠠᠨ ᠲᠠᠶᠢᠯᠪᠤᠷᠢᠯᠠᠵᠤ᠂ ᠣᠯᠠᠨ ᠲᠦᠮᠡᠨ ᠤ ᠭᠠᠯ ᠰᠡᠷᠭᠡᠶᠢᠯᠡᠬᠦ ᠴᠢᠳᠠᠪᠤᠷᠢ ᠶᠢ ᠴᠢᠩᠭᠠᠷᠠᠭᠤᠯᠤᠨ᠂ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠠᠮᠤᠷ ᠲᠦᠪᠰᠢᠨ ᠢᠶᠠᠷ ᠠᠵᠢᠯᠯᠠᠬᠤ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠶᠢ 100 ᠭᠠᠷᠤᠢ ᠬᠤᠪᠢ ᠲᠠᠷᠬᠠᠭᠠᠵᠤ᠂ ᠵᠢᠯᠣᠭᠤᠴᠢ ᠶᠢᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号