ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠰᠢᠷᠭ᠎ᠠ ᠭᠠᠴᠠᠭ᠎ᠠ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/20
    9 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠣᠯᠬᠤ ᠪᠠᠶᠠᠨᠬᠤᠰᠢᠭᠤ ᠪᠠᠯᠭᠠᠰᠤᠨ ᠤ ᠰᠢᠷᠭ᠎ᠠ ᠭᠠᠴᠠᠭ᠎ᠠ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠭᠠᠴᠠᠭᠠᠨ ᠤ ᠨᠠᠮ ᠤᠨ ᠭᠡᠰᠢᠭᠦᠨ ᠺᠠᠳ᠋ᠷ ᠪᠣᠯᠤᠨ ᠣᠯᠠᠨ ᠲᠦᠮᠡᠨ ᠤ ᠲᠥᠯᠥᠭᠡᠯᠡᠭᠴᠢᠳ ᠲᠠᠢ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠣᠯᠢᠯᠴᠠᠨ ᠰᠤᠷᠤᠯᠴᠠᠪᠠ᠃    ᠼᠠᠢ ᠪᠦᠦ ᠵᠢᠶᠦ᠋ᠨ ᠵᠢᠭᠠᠵᠤ ᠭᠠᠷᠭᠠᠭᠰᠠᠨ ᠨᠢ᠂ ᠣᠯᠠᠨ ᠢᠶᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠲᠤᠰ ᠪᠡᠶ᠎ᠡ ᠶᠢᠨ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠣᠨᠣᠪᠴᠢᠲᠠᠢ ᠡᠵᠡᠮᠳᠡᠵᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢ ᠡᠯ᠎ᠡ ᠵᠦᠢᠯ ᠤᠨ ᠠᠵᠢᠯ ᠢ ᠥᠷᠨᠢᠭᠦᠯᠬᠦ ᠭᠤᠣᠯ ᠰᠢᠵᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠨᠠᠮ ᠤᠨ ᠪᠠᠶᠢᠭᠤᠯᠤᠯᠲᠠ ᠶᠢᠨ ᠪᠦᠬᠦ ᠶᠠᠪᠤᠴᠠ ᠳᠤ ᠦᠨᠡᠨᠬᠦ ᠲᠤᠤᠱᠯᠠᠭᠤᠯᠬᠤ ᠬᠡᠷᠡᠭᠲᠡᠢ᠃ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ᠂ ︽ᠭᠡᠷ ᠤᠨ ᠡᠭᠦᠳᠡ︾ ᠶᠢᠨ ᠵᠣᠭᠤᠭᠳᠠᠬᠤ ᠠᠩᠭᠢ ᠵᠡᠷᠭᠡ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠬᠠᠯᠠᠭᠤᠨ ᠠᠭᠤᠷ ᠪᠠᠳᠠᠷᠠᠬᠤ︾᠂ ︽ᠣᠯᠠᠨ ᠲᠦᠮᠡᠨ ᠲᠠᠢ ᠣᠶᠢᠷᠠᠳᠬᠤ︾ ᠬᠡᠯᠪᠡᠷᠢ ᠪᠠᠷ ᠨᠠᠮ ᠤᠨ ᠥᠭᠡᠷᠡᠴᠢᠯᠡᠯᠲᠡ ᠶᠢᠨ ᠰᠠᠶᠢᠨ ᠳᠠᠭᠤᠨ ᠢ ᠡᠭᠡᠯ ᠠᠷᠠᠳ ᠤᠨ ᠭᠡᠷ ᠲᠤ ᠣᠷᠣᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠥᠭᠵᠢᠯᠲᠡ ᠶᠢᠨ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠦᠷ᠎ᠡ ᠪᠦᠲᠦᠭᠡᠯ ᠢᠶᠠᠨ ᠦᠨᠡᠨ ᠬᠦ ᠪᠠᠬᠢᠵᠢᠭᠦᠯᠦᠨ ᠰᠠᠶᠢᠲᠤᠷ ᠥᠷᠭᠡᠳᠬᠡᠵᠦ᠂ ᠠᠮᠢ ᠠᠬᠤᠢ ᠰᠢᠯᠢᠳᠡᠭ᠂ ᠠᠵᠤ ᠦᠢᠯᠡᠰ ᠴᠢᠩᠭ᠎ᠠ᠂ ᠣᠷᠣᠯᠭ᠎ᠠ ᠥᠨᠳᠥᠷ᠂ ᠠᠮᠢᠳᠤᠷᠠᠯ ᠰᠠᠶᠢᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠶᠡᠷᠦᠩᠬᠡᠢ ᠬᠥᠳᠡᠯᠭᠡᠭᠦᠷ︾ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠶᠢ ᠪᠠᠲᠤᠯᠠᠬᠤ ᠬᠡᠷᠡᠭᠲᠡᠢ᠃    ᠬᠤᠷᠠᠯ ᠤᠨ ᠳᠠᠷᠠᠭ᠎ᠠ ᠼᠠᠢ ᠪᠦᠦ ᠵᠢᠶᠦ᠋ᠨ ᠰᠢᠷᠭ᠎ᠠ ᠭᠠᠴᠠᠭᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠮᠧᠩ ᠨᠧᠩ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠶᠢᠨ ᠭᠠᠵᠠᠷ ᠰᠣᠩᠭᠤᠬᠤ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号