ᠤᠯᠠᠭᠠᠨᠬᠠᠳᠠ ᠠᠴᠠ 100 ᠭᠠᠷᠤᠢ ︽ᠬᠤᠩᠱᠠᠨ ᠰᠣᠶᠣᠯ︾ ᠤᠨ ᠬᠠᠰ ᠡᠳ᠋ᠯᠡᠯ ᠤᠯᠳᠠᠪᠡ
ᠨᠡᠶᠢᠲᠡᠯᠡᠭᠰᠡᠨ ᠴᠠᠭ᠄
2024/9/20
   ᠥᠪᠥᠷ ᠮᠣᠩᠭᠤᠯ ᠤᠨ ᠤᠯᠠᠭᠠᠨᠬᠠᠳᠠ ᠬᠤᠳᠠ ᠶᠢᠨ ᠠᠤᠬᠠᠨ ᠬᠤᠰᠢᠭᠤᠨ ᠳᠤ ᠨᠢᠭᠡᠨ ᠪᠦᠷᠢᠨ ᠪᠦᠲᠦᠨ ᠬᠠᠳᠠᠭᠠᠯᠠᠭᠳᠠᠵᠤ ᠪᠠᠶᠢᠭᠰᠠᠨ ︽ᠬᠤᠩᠱᠠᠨ ᠰᠣᠶᠣᠯ︾ ᠤᠨ ᠰᠡᠭᠦᠯᠴᠢ ᠶᠢᠨ ᠦᠶ᠎ᠡ ᠢᠢᠨ ᠴᠢᠯᠠᠭᠤᠨ ᠤᠩᠭᠤᠨ ᠠᠴᠠ 100 ᠭᠠᠷᠤᠢ ᠬᠠᠰ ᠡᠳ᠋ᠯᠡᠯ ᠤᠯᠳᠠᠵᠦ᠂ ︽ᠬᠤᠩᠱᠠᠨ ᠰᠣᠶᠣᠯ︾ ᠤᠨ ᠰᠤᠳᠤᠯᠭᠠᠨ ᠳᠤ ᠮᠠᠰᠢ ᠴᠢᠬᠤᠯᠠ ᠪᠠᠷᠢᠮᠳᠠ ᠪᠤᠯᠵᠠᠢ᠃ ᠤᠷᠴᠢᠮᠬᠠᠨ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠨᠡᠶᠢᠭᠡᠮᠯᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠤᠯᠠᠭᠠᠨᠬᠠᠳᠠ ᠬᠤᠲᠠ  ᠶᠢᠨ ᠵᠠᠰᠠᠭ ᠤᠨ ᠣᠷᠳᠣᠨ ᠬᠥᠬᠡᠬᠤᠲᠠ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠤ ︽ᠬᠤᠩᠱᠠᠨ ᠰᠣᠶᠣᠯ︾ ᠤᠨ ᠬᠠᠭᠤᠴᠢ ᠰᠤᠳᠤᠯᠤᠯ ᠤᠨ ᠡᠨᠡ ᠬᠦ ᠬᠠᠮᠤᠭ ᠤᠨ ᠰᠢᠨ᠎ᠡ ᠦᠷ᠎ᠡ ᠪᠦᠲᠦᠭᠡᠯ ᠢ ᠨᠡᠶᠢᠲᠡᠯᠡᠭᠰᠡᠨ ᠪᠠᠶᠢᠨ᠎ᠠ᠃   2024 ᠣᠨ ᠤ 4 ᠰᠠᠷ᠎ᠠ ᠠᠴᠠ ᠡᠬᠢᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠢᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠬᠦᠷᠢᠶᠡᠯᠡᠩ ᠤᠨ ᠲᠥᠷᠥᠯ ᠵᠦᠢᠯ ᠤᠨ ᠪᠦᠯᠬᠦᠮ ᠠᠤᠬᠠᠨ ᠬᠤᠰᠢᠭᠤᠨ ᠳᠤ 4 ᠰᠠᠷ᠎ᠠ ᠰᠢᠬᠠᠮ ᠬᠠᠭᠤᠴᠢ ᠰᠤᠳᠤᠯᠤᠯ ᠤᠨ ᠪᠠᠶᠢᠴᠠᠭᠠᠯᠲᠠ ᠥᠷᠨᠢᠭᠦᠯᠵᠤ᠂ ᠠᠳᠡ ᠠᠴᠠ ︽ᠬᠤᠩᠱᠠᠨ ᠰᠣᠶᠣᠯ︾ ᠤᠨ ᠰᠡᠭᠦᠯᠴᠢ ᠶᠢᠨ ᠦᠶ᠎ᠡ ᠶᠢᠨ ᠨᠢᠭᠡᠨ ᠪᠦᠷᠢᠨ ᠪᠦᠳᠦᠨ ᠴᠢᠯᠠᠭᠤᠨ ᠤᠩᠭᠤᠨ ᠢ ᠢᠯᠡᠷᠡᠭᠦᠯᠤᠨ᠂ ᠨᠢᠭᠡ ᠯᠡ ᠤᠳᠠᠭ᠎ᠠ ᠳᠤ 100 ᠭᠠᠷᠤᠢ ︽ᠬᠤᠩᠱᠠᠨ ᠰᠣᠶᠣᠯ︾ ᠤᠨ ᠬᠠᠰ ᠡᠳ᠋ᠯᠡᠯ ᠣᠯᠳᠠᠵᠤ᠂ ᠠᠩᠬ᠎ᠠ ᠤᠳᠠᠭ᠎ᠠ ᠡᠮᠦᠨ᠎ᠡ ᠳᠠᠯ᠎ᠠ ᠨᠢ ᠲᠦᠷᠪᠡᠯᠵᠢᠨ᠂ ᠬᠤᠶᠢᠳᠦ ᠳᠠᠯ᠎ᠠ ᠨᠢ ᠲᠣᠭᠤᠷᠢᠭ᠂ ᠡᠮᠦᠨ᠎ᠡ ᠳᠠᠯ᠎ᠠ ᠳᠤᠨᠢ ᠮᠠᠨᠳᠤᠯ᠂ ᠬᠤᠶᠢᠲᠤ ᠳᠠᠯ᠎ᠠ ᠳᠤᠨᠢ ᠤᠩᠭᠤᠨ ᠪᠠᠶᠢᠷᠢᠯᠠᠭᠤᠯᠤᠭᠰᠠᠨ ᠤᠩᠭᠤᠨ ᠪᠠ ᠲᠠᠬᠢᠯᠭ᠎ᠠ ᠶᠢ ᠤᠶᠠᠯᠳᠤᠭᠤᠯᠤᠭᠰᠠᠨ ᠪᠠᠷᠢᠯᠭ᠎ᠠ ᠶᠢᠨ ᠦᠯᠡᠳᠡᠭᠳᠡᠯ ᠢ ᠢᠯᠡᠷᠡᠭᠦᠯᠵᠦ᠂ ᠤᠭ ᠪᠠᠷᠢᠯᠭ᠎ᠠ ᠶᠢᠨ ᠪᠠᠶᠢᠷᠢᠰᠢᠯ ᠤᠨ ᠣᠨᠴᠠᠯᠢᠭ ᠪᠠ ᠡᠮᠬᠢ ᠳᠠᠷᠠᠭᠠᠯᠠᠯ ᠢ ᠦᠨᠳᠦᠰᠦᠨ ᠳᠡᠭᠡᠨ ᠲᠣᠳᠣᠯᠠᠨ ᠨᠤᠳᠠᠯᠠᠪᠠ᠃   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠬᠦᠷᠢᠶᠡᠯᠡᠩ ᠤᠨ ᠳᠠᠷᠤᠭ᠎ᠠ ᠰᠦᠨ ᠶᠢᠨ ᠰᠥᠩ ᠤᠨ ᠲᠠᠨᠢᠯᠴᠠᠭᠤᠯᠤᠭᠰᠠᠨ ᠢᠶᠠᠷ᠂ ᠡᠨᠡ ᠪᠣᠯ ᠣᠳᠣᠬᠠᠨ ᠳᠤ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠠᠭᠤᠳᠠᠯᠤᠨ ᠮᠠᠯᠲᠠᠯᠳᠠ ᠪᠠᠷ ᠢᠯᠠᠷᠠᠬᠦᠯᠦᠭᠰᠡᠨ ᠬᠠᠮᠤᠭ ᠤᠨ ᠲᠤᠮᠤ ︽ᠬᠤᠩᠱᠠᠠ ᠰᠤᠶᠤᠯ︾ ᠤᠨ ᠰᠡᠭᠦᠯᠴᠢ ᠶᠢᠨ ᠦᠶ᠎ᠡ ᠶᠢᠨ ᠴᠢᠯᠠᠭᠤᠨ ᠤᠩᠭᠤᠨ ᠪᠠᠶᠢᠵᠤ᠂ ᠮᠠᠯᠲᠠᠵᠤ ᠭᠠᠷᠭᠠᠭᠰᠠᠨ 100 ᠭᠠᠷᠤᠶ ︽ᠬᠤᠩᠱᠠᠨ ᠰᠣᠶᠣᠯ︾ ᠤᠨ ᠬᠠᠰ ᠡᠳ᠋ᠯᠡᠯ ᠨᠢ ︽ᠬᠤᠩᠱᠠᠨ ᠰᠣᠶᠣᠯ︾ ᠤᠨ ᠬᠠᠰ ᠡᠳ᠋ᠯᠡᠯ ᠤᠨ ᠶᠡᠬᠡᠩᠬᠢ ᠲᠥᠷᠥᠯ ᠵᠦᠢᠯ ᠢ ᠦᠨᠳᠦᠰᠦᠨ ᠳᠡᠭᠡᠨ ᠬᠠᠮᠤᠷᠤᠭᠰᠠᠨ ᠪᠥᠭᠡᠳ ︽ᠯᠢᠩ ᠵᠢᠶᠠ ᠲᠠᠨ ᠰᠣᠶᠣᠯ︾ ᠤᠨ ᠬᠠᠰ ᠲᠢᠲᠢᠮ ᠲᠠᠢ ᠠᠳᠠᠯᠢᠪᠲᠤᠷ ᠡᠳ᠋ ᠢ ᠢᠯᠡᠷᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ︽ᠬᠤᠩᠱᠠᠠ ᠰᠤᠶᠤᠯ︾ ᠤᠨ ᠬᠠᠰ ᠡᠳ᠋ᠯᠡᠯ ᠤᠯᠳᠠᠭ᠎ᠠ ᠦᠬᠡᠢ ᠪᠠᠶᠢᠭᠰᠠᠨ ᠲᠡᠥᠬᠡ ᠶᠢ ᠡᠴᠦᠰᠯᠡᠬᠦᠯᠵᠦ᠂ ᠪᠣᠷᠣᠲᠣᠬᠤᠶ ᠣᠷᠣᠨ ᠤ ᠯᠦᠩ ᠱᠠᠨ ᠤ ᠴᠠᠭ ᠦᠶ᠎ᠡ ᠶᠢᠨ ︽ᠬᠠᠰ ᠢ ᠬᠡᠷᠡᠮ ᠳᠤ ᠨᠢᠭᠤᠬᠤ︾ ᠦᠵᠡᠭᠳᠡᠯ ᠤᠨ ᠢᠷᠡᠯᠲᠡ ᠶᠢ ᠬᠠᠶᠢᠨ ᠰᠦᠪᠡᠭᠴᠢᠯᠡᠬᠦ ᠳᠤ ᠰᠢᠨ᠎ᠡ ᠰᠦᠪᠡᠭᠴᠢ ᠬᠠᠩᠭᠠᠭᠰᠠᠨ ᠪᠠᠶᠢᠨ᠎ᠠ ᠭᠡᠵᠡᠶ᠃   ︽ᠬᠤᠩᠱᠠᠨ ᠰᠣᠶᠣᠯ︾ ᠨᠡᠷᠡᠶᠢᠳᠦᠭᠳᠡᠭᠰᠡᠨ 70 ᠵᠢᠯ ᠤᠨ ᠲᠤᠷᠰᠢ ᠲᠡᠬᠦᠨ ᠤ ᠢᠯᠡᠷᠡᠭᠦᠯᠦᠯᠲᠡ ᠪᠠ ᠰᠤᠳᠤᠯᠭᠠᠨ ᠤ ᠲᠠᠯ᠎ᠠ ᠪᠠᠷ ᠠᠯᠢ ᠣᠯᠠᠨ ᠴᠢᠬᠤᠯᠠ ᠦᠷ᠎ᠡ ᠪᠦᠲᠦᠭᠡᠯ ᠣᠯᠵᠤ᠂ ᠥᠪᠥᠷ ᠮᠣᠩᠭᠤᠯ ᠤᠨ ᠤᠯᠠᠭᠠᠨᠬᠠᠳᠠ ᠬᠢᠭᠡᠳ ᠯᠢᠶᠣᠤᠨᠢᠩ ᠤᠨ ᠴᠤᠤᠶᠠᠩ ᠬᠤᠶᠠᠷ ᠭᠠᠵᠠᠷ ᠠᠴᠠ ᠡᠯ᠎ᠡ ᠲᠥᠷᠥᠯ ᠤᠨ ︽ᠬᠤᠩᠱᠠᠨ ᠰᠣᠶᠣᠯ︾ ᠤᠨ ᠪᠠᠭᠤᠷᠢ ᠶᠢ 1100 ᠭᠠᠷᠤᠶ ᠢᠯᠡᠷᠡᠭᠦᠯᠵᠦ᠂ ᠢᠯᠠᠩᠭᠤᠶ᠎ᠠ ᠨᠢᠤ ᠾᠧ ᠯᠢᠶᠠᠩ᠂ ᠳ᠋ᠦᠩ ᠱᠠᠨ ᠽᠦᠶ᠂ ᠨᠠᠰᠤᠳᠠᠢ ᠵᠡᠷᠭᠡ ᠪᠠᠭᠤᠷᠢ ᠠᠴᠠ ᠢᠯᠡᠷᠡᠭᠦᠯᠦᠭᠰᠡᠨ ᠪᠤᠯᠠᠰᠢ᠂ ᠲᠠᠬᠢᠯᠭ᠎ᠠ ᠢᠢᠨ ᠦᠯᠡᠳᠡᠭᠳᠡᠯ ᠵᠢᠴᠢ ᠶᠡᠭᠡ ᠬᠡᠮᠵᠢᠶᠡᠨ ᠤ ᠬᠠᠰ ᠡᠳ᠋ᠯᠡᠯ ᠨᠢ ︽ᠬᠤᠩᠱᠠᠨ ᠰᠣᠶᠣᠯ︾ ᠤᠨ ᠳᠤᠮᠳᠠᠳᠤ ᠶᠢᠨ ᠪᠣᠯᠪᠠᠰᠤᠨ ᠤ ᠡᠭᠦᠰᠦᠯ ᠤᠨ ᠰᠤᠳᠤᠯᠭᠠᠨ ᠳᠠᠬᠢ ᠡᠬᠢ ᠡᠭᠦᠰᠦᠯ ᠤᠨ ᠴᠢᠨᠠᠷᠲᠠᠶ ᠪᠠᠶᠢᠷᠢ ᠰᠠᠭᠤᠷᠢ ᠶᠢ ᠲᠣᠭᠲᠠᠭᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号