ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠦᠵᠡᠰᠭᠦᠯᠡᠩ ᠤᠨ ᠴᠤᠬᠯᠠᠭᠠᠨ ᠰᠢᠨ᠎ᠡ ᠬᠡᠷᠡᠭᠴᠡᠭᠡ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠠᠬᠤᠢ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠪᠡ
ᠨᠡᠶᠢᠲᠡᠯᠡᠭᠰᠡᠨ ᠴᠠᠭ᠄
2024/9/20
   ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠭᠤᠤᠯᠯᠠᠨ ᠡᠷᠭᠢᠯᠡᠭᠰᠡᠨ 2024 ᠳᠤᠮᠳᠠᠳᠤ ᠤᠯᠤᠰ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ ᠤᠶᠢᠷ᠎ᠠ ᠶᠢᠨ ᠡᠳᠦᠷ ᠲᠢᠶᠠᠨᠵᠢᠨ ᠳᠤ ᠡᠬᠢᠯᠡᠵᠦ ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠬᠡᠷᠡᠭᠴᠡᠭᠡ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠠᠬᠤᠶ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠥᠷᠥᠭᠳᠡᠯ︾ ᠪᠠ ︽ᠠᠭᠤᠰᠤᠯᠴᠠᠯ ᠤᠨ ᠬᠡᠮᠵᠢᠶ᠎ᠡ︾ ᠶᠢ ᠳᠣᠪᠤᠶᠢᠯᠭᠠᠵᠤ᠂ ︽ᠠᠷᠠᠯᠵᠢᠶᠠᠯᠠᠵᠤ ᠪᠣᠯᠬᠤ︾ ᠪᠠ ︽ᠪᠡᠶᠡᠴᠢᠯᠡᠨ ᠣᠶᠢᠯᠠᠭᠠᠵᠤ ᠪᠣᠯᠬᠤ︾ ᠶᠢ ᠴᠢᠬᠤᠯᠠᠴᠢᠯᠠᠪᠠ᠃   ᠦᠵᠡᠭᠴᠢᠳ ᠲᠠᠭᠤᠷᠢᠶᠠᠮᠠᠯ ᠠᠬᠤᠶ ︵VR︶ ᠶᠢᠨ ᠨᠢᠳᠦᠨ ᠰᠢᠯ ᠵᠡᠭᠦᠪᠡᠯ ᠭᠱᠠᠨ ᠵᠠᠭᠤᠷ᠎ᠠ ᠠᠳᠠᠯᠢ ᠪᠤᠰᠤ ᠦᠵᠡᠮᠵᠢ ᠶᠢᠨ ᠣᠷᠣᠨ ᠢᠶᠠᠷ ᠵᠢᠭᠤᠯᠴᠢᠯᠠᠵᠤ ᠪᠣᠯᠤᠨ᠎ᠠ︔ AI ᠶᠡᠭᠡ ᠵᠠᠭᠪᠤᠷ ᠢᠶᠠᠷ ᠵᠢᠭᠤᠯᠴᠢᠯᠠᠯ ᠤᠨ ᠠᠷᠭ᠎ᠠ ᠪᠣᠳᠣᠯᠭ᠎ᠠ ᠶᠢ ᠲᠦᠷᠭᠡᠨ ᠭᠠᠷᠭᠠᠵᠤ ᠪᠣᠯᠭᠠᠨ᠎ᠠ︔ ᠪᠦᠬᠦ ᠮᠡᠳᠡᠭᠡ ᠵᠠᠩᠭᠢ ᠪᠠᠷ ᠬᠤᠷᠰᠢᠯᠴᠠᠬᠤ ᠡᠯᠡᠰᠦᠨ ᠳᠠᠩ ᠳᠤ ᠵᠢᠭᠤᠯᠴᠢᠯᠡᠨ ᠨᠠᠭᠠᠳᠬᠤ ᠪᠠᠷ ᠳᠠᠮᠵᠢᠨ ᠳᠠᠯᠠᠢ ᠶᠢᠨ ᠬᠥᠪᠡᠭᠡᠨ ᠤ ᠠᠭᠤᠷ ᠠᠮᠢᠰᠬᠤᠯ ᠢ ᠣᠶᠢᠯᠠᠭᠠᠨ᠎ᠠ ᠁ ᠰᠢᠨ᠎ᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠠᠴᠠ ᠰᠣᠶᠣᠯ ᠵᠢᠭᠤᠯᠴᠢᠯᠠᠯ ᠤᠨ ᠬᠥᠭᠵᠢᠯᠲᠡ ᠳᠤ ᠣᠯᠭᠤᠭᠰᠠᠨ ︽ᠬᠡᠳᠦ᠋ᠳᠦᠭᠰᠡᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ︾ ᠨᠢ ᠦᠵᠡᠭᠴᠢᠳ ᠤᠨ ᠠᠩᠬᠠᠷᠤᠯ ᠤᠨ ᠴᠡᠭ ᠪᠣᠯᠪᠠ᠃   ᠦᠵᠡᠰᠭᠦᠯᠡᠩ ᠤᠨ ᠴᠤᠬᠯᠠᠭᠠᠨ ᠳᠡᠭᠡᠷ᠎ᠡ᠂ ︽ᠲᠣᠭᠯᠠᠯᠲᠠ ᠶᠢ ᠲᠠᠭᠠᠨ ᠵᠢᠭᠤᠯᠴᠢᠯᠠᠬᠤ︾᠂ ︽ᠺᠢᠨᠣ᠋ ᠲᠧᠯᠸᠢᠰ ᠢ ᠲᠠᠭᠠᠨ ᠵᠢᠭᠤᠯᠴᠢᠯᠠᠬᠤ︾᠂ ︽ᠤᠷᠤᠯᠳᠤᠭᠠᠨ ᠢ ᠲᠠᠭᠠᠨ ᠵᠢᠭᠤᠯᠴᠢᠯᠠᠬᠤ︾᠂ ᠰᠤᠬᠳᠤᠭᠤᠷᠠᠬᠤ ᠮᠠᠶ᠋ᠢᠭ ᠤᠨ ᠤᠶᠢᠯᠠᠭᠠᠯᠳᠠ ᠵᠡᠷᠭᠡ ᠠᠭᠤᠯᠭ᠎ᠠ ᠨᠢ ᠤᠳᠭ᠎ᠠ ᠤᠷᠠᠯᠢᠭ ᠤᠨ ᠬᠦᠷᠢᠶᠡᠯᠡᠩ ᠪᠦᠯᠬᠦᠮ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ᠂ ᠢᠨᠲ᠋ᠧᠷ ᠰᠦᠯᠵᠢᠶᠡᠨ ᠤ ᠲᠠᠪᠴᠠᠩ ᠵᠡᠷᠭᠡ ᠪᠠᠶᠢᠭᠤᠯᠤᠮᠵᠢ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠵᠢᠯ ᠲᠦᠷᠦᠯ ᠠᠯᠤᠰᠯᠠᠨ ᠠᠭᠤᠰᠤᠯᠴᠠᠬᠤ ᠰᠢᠨ᠎ᠡ ᠶᠢ ᠡᠭᠦᠳᠬᠦ ᠦᠢᠯᠡᠳᠦᠯᠭᠡ ᠦᠷᠨᠢᠬᠦᠯᠦᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠤᠯᠠᠮ ᠨᠢᠭᠡ ᠠᠯᠬᠤᠮ ᠬᠦᠳᠦᠯᠦᠨ ᠳᠠᠭᠠᠭᠤᠯᠪᠠ᠃   ᠲᠤᠰ ᠬᠤᠭᠤᠴᠠᠭᠠᠨ ᠤ ᠦᠵᠡᠰᠭᠦᠯᠡᠩ ᠤᠨ ᠴᠤᠬᠯᠠᠭᠠᠨ ᠨᠢ ︽ᠰᠢᠨ᠎ᠡ ᠰᠣᠶᠣᠯ ᠵᠢᠭᠤᠯᠴᠢᠯᠠᠯ ᠢ ᠪᠡᠶᠡᠴᠢᠯᠡᠨ ᠣᠶᠢᠯᠠᠭᠠᠵᠤ ᠪᠠᠶᠠᠷ ᠪᠠᠶᠠᠰᠬᠤᠯᠠᠩ ᠲᠠᠢ ᠪᠠᠷ ᠰᠢᠨ᠎ᠡ ᠠᠮᠢᠳᠤᠷᠠᠯ ᠢ ᠡᠳ᠋ᠯᠡᠬᠦ︾ ᠪᠠᠷ ᠭᠤᠣᠯ ᠰᠡᠳᠦᠪ ᠪᠣᠯᠭᠠᠵᠤ᠂ 4 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ 9 ᠭᠤᠣᠯ ᠦᠵᠡᠭᠦᠯᠭᠡ ᠶᠢᠨ ᠣᠷᠳᠣᠨ ᠲᠤᠬᠢᠷᠠᠭᠤᠯᠵᠤ᠂ ᠦᠵᠡᠭᠦᠯᠭᠡ ᠶᠢᠨ ᠲᠠᠯᠠᠪᠠᠢ ᠨᠢ ᠨᠡᠶᠢᠳᠡ 15 ᠲᠦᠮᠡᠨ ᠲᠡᠭᠰᠢ ᠳᠥᠷᠪᠡᠯᠵᠢᠨ ᠮᠤᠳ᠋ᠷ ᠲᠤ ᠬᠦᠷᠴᠦ᠂ 2000 ᠭᠠᠷᠤᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠦᠵᠡᠰᠭᠦᠯᠡᠩ ᠤᠨ ᠴᠤᠬᠯᠠᠭᠠᠨ ᠳᠤ ᠣᠷᠣᠯᠴᠠᠵᠤ᠂ ᠲᠤᠬᠠᠢ ᠶᠢᠨ ᠲᠠᠯᠠᠪᠠᠢ ᠳᠤ ᠰᠤᠬᠳᠤᠭᠤᠷᠠᠬᠤ ᠮᠠᠶ᠋ᠢᠭ ᠤᠨ ᠪᠡᠶᠡᠴᠢᠯᠡᠨ ᠣᠶᠢᠯᠠᠭᠠᠬᠤ ᠣᠷᠣᠨ ᠵᠠᠢ᠂ ᠣᠶᠤᠨᠴᠢ ᠵᠢᠭᠤᠯᠴᠢᠯᠠᠯ᠂ ᠭᠡᠷ ᠤᠨ ᠭᠠᠳᠠᠨᠠᠬᠢ ᠲᠤᠨᠤᠭ ᠲᠥᠬᠦᠭᠡᠷᠦᠮᠵᠢ ᠵᠡᠷᠭᠡ ᠪᠡᠶᠡᠴᠢᠯᠡᠨ ᠣᠶᠢᠯᠠᠭᠠᠬᠤ ᠮᠠᠶ᠋ᠢᠭ ᠤᠨ ᠰᠣᠶᠣᠯ ᠵᠢᠭᠤᠯᠴᠢᠯᠠᠯ ᠤᠨ ᠲᠠᠯᠠᠪᠤᠷ ᠢ ᠪᠠᠶᠢᠭᠤᠯᠵᠤ᠂ ᠮᠠᠨ ᠤ ᠤᠯᠤᠰ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠢᠯᠡᠷᠡᠭᠦᠯᠬᠦ ᠶᠢᠨ ᠵᠡᠷᠭᠡ ᠪᠠᠷ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠵᠤᠷᠢᠵᠠᠢ᠃   ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠨᠢ ᠪᠠᠰᠠ ᠪᠦᠬᠦ ᠪᠥᠮᠪᠥᠷᠴᠡᠭ ᠤᠨ ᠵᠢᠭᠤᠯᠴᠢᠯᠠᠭᠴᠢ ︵ᠲᠢᠶᠠᠨᠵᠢᠨ︶ ᠶᠢᠨ ᠶᠡᠭᠡ ᠬᠤᠷᠠᠯ᠂ ︽ᠠᠵᠤ ᠦᠢᠯᠡᠰ ᠤᠨ ᠰᠢᠨ᠎ᠡ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠠᠭᠤᠰᠤᠯᠴᠠᠨ ᠬᠥᠭᠵᠢᠬᠦ ᠶᠢ ᠠᠬᠢᠭᠤᠯᠬᠤ︾ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠲᠦᠷᠦᠯ ᠵᠦᠢᠯ ᠤᠨ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠶᠡᠭᠡ ᠬᠤᠷᠠᠯ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠬᠤᠳᠠᠯᠳᠤᠭᠠᠴᠢᠨ ᠤ ᠶᠡᠭᠡ ᠬᠤᠷᠠᠯ᠂ ᠦᠵᠡᠮᠵᠢ ᠶᠢᠨ ᠣᠷᠣᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠶᠡᠭᠡ ᠬᠤᠷᠠᠯ ᠵᠡᠷᠭᠡ ᠠᠵᠢᠯᠯᠠᠭ᠎ᠠ ᠶᠢ ᠡᠷᠬᠢᠯᠡᠵᠦ᠂ ︽ᠦᠵᠡᠭᠦᠯᠭᠡ + ᠠᠷᠠᠯᠵᠢᠶ᠎ᠠ + ᠬᠤᠷᠠᠯ︾ ᠤᠨ ᠬᠡᠯᠪᠡᠷᠢ ᠪᠠᠷ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠦᠵᠡᠭᠦᠯᠭᠡ ᠶᠢᠨ ᠲᠠᠪᠴᠠᠩ᠂ ᠵᠥᠪᠳᠡᠯᠴᠡᠨ ᠠᠷᠠᠯᠵᠢᠶᠠᠯᠠᠬᠤ ᠲᠠᠪᠴᠠᠩ ᠪᠠ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠰᠠᠭᠤᠷᠢᠨ ᠢ ᠪᠠᠶᠢᠭᠤᠯᠬᠤ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号