ᠲᠣᠰᠬᠤᠨ ᠤ ᠳᠠᠭᠤᠤ ᠶᠢ ᠬᠠᠩᠭᠢᠨᠠᠲᠠᠯ᠎ᠠ ᠳᠠᠭᠤᠯᠠᠨ᠎ᠠ
ᠨᠡᠶᠢᠲᠡᠯᠡᠭᠰᠡᠨ ᠴᠠᠭ᠄
2024/9/23
   9 ᠰᠠᠷ᠎ᠠ ᠶᠢᠨ 20 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠣᠰᠬᠤᠨ ᠤ ᠳᠠᠭᠤᠤ ︽ᠦᠵᠡᠰᠬᠦᠯᠡᠩᠲᠦ ᠰᠠᠶᠢᠬᠠᠨ ᠵᠢᠷᠢᠮ ᠮᠢᠨᠦ ᠨᠤᠲᠤᠭ︾ ᠨᠢ ᠰᠠᠭᠤᠷᠢ ᠶᠢ ᠬᠦᠴᠦᠷᠬᠡᠭᠵᠢᠭᠦᠯᠬᠦ ᠢᠨᠵᠧᠨᠧᠷᠢᠩ — ᠤᠳᠬ᠎ᠠ ᠤᠷᠠᠯᠢᠭ ᠤᠨ ᠦᠨᠳᠦᠰᠦᠨ ᠱᠠᠲᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠠᠵᠢᠯᠯᠠᠭ᠎ᠠ ︽ᠲᠣᠰᠬᠤᠨ ᠤ ᠳᠠᠭᠤᠤ ᠬᠠᠩᠭᠢᠨᠠᠬᠤ︾ 2024 ᠪᠦᠬᠦ ᠤᠯᠤᠰ ᠤᠨ ᠲᠥᠪᠯᠡᠷᠡᠭᠦᠯᠦᠨ ᠳᠡᠯᠭᠡᠨ ᠦᠵᠡᠭᠦᠯᠬᠦ ᠠᠵᠢᠯᠯᠠᠭ᠎ᠠ ᠥᠷᠨᠢᠭᠦᠯᠪᠡ᠃    ︽ᠦᠵᠡᠰᠬᠦᠯᠡᠩᠲᠦ ᠰᠠᠶᠢᠬᠠᠨ ᠵᠢᠷᠢᠮ ᠮᠢᠨᠦ ᠡᠬᠡ ᠨᠤᠲᠤᠭ︾ ᠭᠡᠬᠦ ᠳᠠᠭᠤᠤ ᠶᠢ ᠳᠠᠭᠤᠯᠠᠭᠴᠢ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠲᠥᠷᠥᠭᠰᠡᠨ ᠨᠢᠭᠡ ᠬᠤᠣᠰ ᠠᠬ᠎ᠠ ᠳᠡᠭᠦᠦ — ᠡᠦ ᠯᠢᠶᠠᠨ ᠱᠧᠩ᠂ ᠡᠦ  ᠰᠢᠦ ᠯᠢᠶᠠᠨ ᠪᠣᠯᠤᠨ᠎ᠠ᠃ ᠳᠥᠷᠪᠡᠨ ᠪᠠᠳᠠᠭ ᠠᠷᠪᠠᠨ ᠵᠢᠷᠭᠤᠭᠠᠨ ᠠᠶᠠᠯᠭᠤ ᠳᠠᠭᠤᠤ ᠨᠢ ᠴᠥᠮ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠷᠠᠭᠤᠨ ᠵᠢᠷᠢᠮ ᠪᠠᠯᠭᠠᠰᠤᠨ ᠤ ᠲᠡᠦᠬᠡᠨ ᠠᠬᠤᠢ ᠪᠠᠶᠢᠳᠠᠯ᠂ ᠰᠣᠶᠣᠯ ᠤᠨ ᠠᠭᠤᠯᠬᠤᠨ᠂ ᠨᠤᠲᠤᠭ ᠤᠨ ᠵᠠᠩ ᠠᠭᠠᠯᠢ ᠶᠢ ᠢᠯᠡᠷᠡᠭᠦᠯᠵᠦ᠂ ᠪᠣᠷᠣᠭᠵᠢᠭᠤᠨ ᠪᠥᠭᠡᠳ ᠠᠭᠤᠯᠤᠭᠳᠠᠬᠤᠨ ᠲᠠᠢ ᠳᠠᠭᠤᠤ ᠶᠢᠨ ᠦᠭᠡ᠂ ᠤᠷᠤᠰᠤᠮ᠎ᠠ ᠰᠠᠶᠢᠬᠠᠨ ᠬᠥᠭ ᠠᠶᠠᠰ ᠪᠣᠯ ᠡᠨᠡ ᠬᠦ ᠳᠠᠭᠤᠤ ᠶᠢᠨ ᠨᠢᠭᠡᠨ ᠶᠡᠭᠡ ᠣᠨᠴᠠᠯᠢᠭ ᠪᠣᠯᠤᠨ᠎ᠠ᠃ ᠡᠭᠦᠨ ᠤ ᠳᠣᠲᠣᠷ᠎ᠠ ᠮᠠᠰᠢ ᠣᠯᠠᠨ ᠵᠣᠪᠠᠭᠤᠷᠢ ᠵᠦᠳᠡᠭᠦᠷᠢ ᠲᠠᠢ ᠪᠠᠶᠢᠭᠰᠠᠨ ᠴᠤ ᠴᠥᠮ ᠬᠠᠶᠢᠷ᠎ᠠ ᠪᠠ ᠬᠠᠷᠢᠭᠤᠴᠠᠯᠭ᠎ᠠ ᠠᠴᠠ ᠪᠠᠨ ᠪᠣᠯᠵᠤ ᠪᠢᠳᠡ ᠡᠴᠦᠰ ᠲᠡᠭᠡᠨ ᠪᠠᠷᠢᠮᠲᠠᠯᠠᠭᠰᠠᠭᠠᠷ ᠢᠷᠡᠵᠡᠢ᠃ ᠲᠤᠰ ᠤᠳᠠᠭᠠᠨ ᠤ ᠦᠵᠡᠭᠦᠯᠦᠯᠭᠡ ᠶᠢᠨ ᠲᠣᠭᠯᠠᠯᠲᠠ ᠳᠤ ᠣᠷᠣᠯᠴᠠᠭᠰᠠᠨ ᠰᠡᠳᠬᠢᠯ ᠤᠨ ᠦᠭᠡ ᠪᠠᠨ ᠶᠠᠷᠢᠯᠴᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠢᠨ ᠥᠯᠥᠭᠡᠢ ᠳᠠᠭᠤᠤ ᠶᠢᠨ ᠠᠩᠭᠢ ᠶᠢᠨ ᠭᠡᠰᠢᠭᠦᠳ ᠬᠡᠯᠡᠵᠡᠢ᠃    ᠣᠶᠢᠯᠠᠭᠠᠭᠰᠠᠨ ᠢᠶᠠᠷ᠂ ᠲᠤᠰ ᠤᠳᠠᠭᠠᠨ ᠤ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠰᠠᠶᠢᠨ ᠳᠤᠷᠠᠴᠤᠳ ᠤᠨ ᠨᠡᠶᠢᠭᠡᠮᠯᠢᠭ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠢᠨ ᠥᠯᠥᠭᠡᠢ ᠳᠠᠭᠤᠤ ᠶᠢᠨ ᠠᠩᠭᠢ ᠪᠦᠬᠦ ᠤᠯᠤᠰ ᠤᠨ 30 ᠮᠤᠵᠢ ︵ᠣᠷᠣᠨ᠂ ᠬᠤᠲᠠ︶ ᠠᠴᠠ ᠢᠷᠡᠭᠰᠡᠨ 55 ᠡᠩᠨᠡᠭᠡ ᠲᠠᠢ ᠨᠡᠶᠢᠲᠡ 1000 ᠭᠠᠷᠤᠢ ᠳᠠᠭᠤᠴᠢᠨ ᠬᠠᠮᠲᠤ ᠪᠠᠷ ᠤᠷᠤᠯᠳᠤᠭᠠᠨ ᠳᠤ ᠣᠷᠣᠯᠴᠠᠬᠤ ᠪᠣᠯᠤᠨ᠎ᠠ᠃ ︽ᠲᠣᠰᠬᠤᠨ ᠳᠠᠭᠤᠤ ᠳᠠᠭᠤᠯᠠᠵᠤ᠂ ᠲᠣᠰᠬᠤᠨ ᠤ ᠪᠠᠶᠢᠳᠠᠯ᠂ ᠲᠣᠰᠬᠤᠨ ᠤ ᠦᠵᠡᠮᠵᠢ᠂ ᠲᠣᠰᠬᠤᠨ ᠤ ᠠᠷᠠᠳ ᠨᠢᠭᠡ ᠴᠣᠭᠴᠠ ᠪᠣᠯᠵᠤ᠂ ᠵᠣᠯ ᠵᠢᠷᠭᠠᠯ ᠪᠠ ᠬᠦᠰᠡᠯ ᠵᠡᠭᠦᠳᠦ ᠪᠠᠨ ᠢᠯᠡᠷᠡᠭᠦᠯᠵᠦ᠂ ᠰᠣᠶᠣᠯ ᠤᠨ ᠤᠬᠠᠮᠰᠠᠷ ᠪᠠ ᠰᠣᠶᠣᠯ ᠤᠨ ᠢᠲᠡᠭᠡᠯ ᠢ ᠳᠠᠮᠵᠢᠭᠤᠯᠬᠤ ᠪᠠᠷ ᠪᠠᠷᠠᠬᠤ ᠦᠭᠡᠢ᠂ ᠨᠡᠩ ᠴᠤ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠪᠠᠶᠠᠨ ᠴᠢᠨᠡᠭᠡᠯᠢᠭ ᠴᠡᠴᠡᠭᠯᠡᠨ ᠬᠥᠭᠵᠢᠭᠰᠡᠨ᠂ ᠡᠶ᠎ᠡ ᠵᠣᠬᠢᠴᠠᠩᠭᠤᠢ ᠬᠥᠭᠵᠢᠭᠰᠡᠨ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠳᠦᠷᠰᠦ ᠪᠠᠶᠢᠳᠠᠯ ᠢ ᠬᠠᠷᠠᠭᠤᠯᠵᠤ ᠪᠠᠶᠢᠨ᠎ᠠ︾ ᠭᠡᠵᠦ ᠬᠤᠷᠴᠢᠨ ᠪᠠᠷᠠᠭᠤᠨ ᠭᠠᠷᠤᠨ ᠳᠤᠮᠳᠠ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠳ᠋ᠠᠰᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号