ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠦᠭᠵᠢᠬᠦᠯᠵᠤ ᠡᠯᠧᠺᠲᠷᠣᠨ ᠬᠤᠳᠠᠯᠳᠤᠭ᠎ᠠ ᠶᠢᠨ ᠬᠦᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/9/23
   ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤ ᠬᠦᠷᠢᠶᠡᠨ ᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠪᠦᠬᠦ ᠲᠣᠰᠬᠤᠨ ᠢᠶᠠᠷ ᠢᠶᠠᠨ ᠠᠬᠢᠭᠤᠯᠬᠤ ᠵᠠᠭᠪᠤᠷ ᠢᠶᠠᠷ ᠳᠠᠮᠵᠢᠭᠤᠯᠤᠨ᠂ ᠵᠢᠵᠢᠭ ᠬᠦᠷᠢᠶ᠎ᠡ ᠬᠠᠰᠢᠶ᠎ᠠ ᠶᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ︽ᠪᠠᠶᠠᠵᠢᠯ ᠤᠨ ᠬᠦᠷᠢᠶᠡᠯᠡᠩ︾ ᠪᠣᠯᠭᠠᠬᠤ ᠶᠢᠨ ᠬᠠᠮᠲᠤ᠂ ︽ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ︾ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠡᠯᠧᠺᠲᠷᠣᠨ ᠬᠤᠳᠠᠯᠳᠤᠭᠠᠨ ᠤ ᠲᠦᠷᠭᠡᠨ ᠲᠡᠷᠭᠡᠨ ᠳᠤ ᠰᠠᠭᠤᠯᠭᠠᠵᠤ ᠭᠠᠳᠠᠭᠰᠢ ᠥᠷᠭᠡᠳᠬᠡᠨ ᠬᠥᠭᠵᠢᠭᠦᠯᠵᠦ᠂ ︽ᠵᠢᠵᠢᠭ ᠬᠦᠷᠢᠶ᠎ᠡ ᠲᠤᠮᠦ ᠠᠵᠤ ᠠᠬᠤᠢ︾ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃     ᠳᠥᠷᠥᠯᠵᠢ ᠪᠠᠯᠭᠠᠰᠤᠨ ᠤ ᠤᠯᠠᠭᠠᠨ ᠵᠦᠩ ᠭᠠᠴᠠᠭᠠᠨ ᠤ ᠠᠷᠠᠳ ᠵᠧᠩ ᠵᠧᠨ ᠹᠠᠩ ᠬᠠᠰᠢᠶᠠᠨ ᠳᠤ ᠣᠷᠣᠮᠠᠭᠴᠠ ᠬᠥᠷ ᠬᠥᠭᠵᠢᠶᠡᠨ ᠢᠶᠠᠷ ᠪᠢᠯᠬᠠᠨ᠎ᠠ᠃ ᠭᠤᠷᠪᠠᠨ ᠮᠦ ᠭᠠᠵᠠᠷ ᠤᠨ ᠤᠯᠠᠭᠠᠨ ᠯᠠᠵᠤᠤ ᠶᠢᠨ ᠤᠷᠭᠤᠴᠠ ᠨᠢ ᠬᠥᠮᠦᠨ ᠢ ᠪᠠᠶᠠᠷᠯᠠᠭᠤᠯᠤᠮ᠎ᠠ ᠪᠠᠶᠢᠵᠤ᠂ ᠨᠦᠰᠡᠷ ᠶᠡᠭᠡ ᠯᠠᠵᠤᠤ ᠨᠢ ᠰᠠᠯᠠᠭ᠎ᠠ ᠨᠠᠮᠠᠭ᠎ᠠ ᠪᠠᠨ ᠳᠦᠭᠦᠷᠲᠡᠯ᠎ᠡ ᠡᠯᠭᠦᠵᠦ᠂ ᠬᠥᠮᠦᠰ ᠤᠨ ᠪᠠᠭ᠋ᠠᠷᠬᠠᠯ ᠢ ᠲᠠᠲᠠᠨ᠎ᠠ᠃ ᠲᠣᠰᠬᠤᠨ ᠤ ᠠᠷᠠᠳ ᠰᠦᠨ ᠬᠦᠢ ᠶᠦᠨ ᠤ ᠭᠡᠷ ᠲᠤ᠂ ᠲᠡᠷᠡ ᠬᠦ ᠮᠦ ᠭᠠᠷᠤᠢ ᠭᠠᠵᠠᠷ ᠤᠨ ᠯᠠᠵᠤᠤ ᠴᠦ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠰᠦᠨ ᠬᠦᠢ ᠶᠦᠨ ᠪᠣᠯᠪᠠᠰᠤᠷᠠᠭᠰᠠᠨ ᠯᠠᠵᠤᠤ ᠲᠡᠭᠦᠵᠦ᠂ ᠨᠢᠭᠤᠷ ᠳᠦᠭᠦᠷᠡᠩ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠢᠯᠬᠠᠵᠤ ᠪᠠᠶᠢᠯ᠎ᠠ᠃ ︽ᠡᠨᠡ ᠬᠡᠳᠦᠨ ᠵᠢᠯ ᠮᠠᠨ ᠤ ᠭᠠᠴᠠᠭ᠎ᠠ ᠢᠳᠡᠪᠬᠢᠲᠡᠢ ᠪᠠᠷ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠵᠦ᠂ ᠪᠢ ᠪᠠᠰᠠ ᠬᠦᠷᠢᠶ᠎ᠡ ᠬᠠᠰᠢᠶᠠᠨ ᠳᠠᠭᠠᠨ ᠨᠢᠭᠡ ᠮᠦ ᠭᠠᠷᠤᠢ ᠯᠠᠵᠤᠤ ᠲᠠᠷᠢᠵᠤ᠂ ᠬᠤᠷᠢᠶᠠᠯᠲᠠ ᠨᠢ ᠴᠦ ᠨᠡᠯᠢᠶᠡᠳ ᠵᠦᠭᠡᠷ ᠪᠠᠶᠢᠵᠤ᠂ ᠡᠨᠡ ᠵᠢᠯ ᠮᠠᠨ ᠤ ᠭᠡᠷ ᠲᠤ ᠭᠤᠷᠪᠠ ᠳᠥᠷᠪᠡᠨ ᠮᠢᠩᠭᠠᠨ ᠲᠥᠭᠦᠷᠢᠭ ᠤᠨ ᠣᠷᠣᠯᠭ᠎ᠠ ᠠᠪᠴᠢᠷᠠᠵᠤ ᠥᠭᠭᠦᠨ᠎ᠡ︾ ᠭᠡᠵᠦ ᠬᠡᠯᠡᠪᠡ᠃ ᠳᠥᠷᠥᠯᠵᠢ ᠪᠠᠯᠭᠠᠰᠤᠨ ᠤ ᠤᠯᠠᠭᠠᠨ ᠳᠤᠮᠳᠠ ᠭᠠᠴᠠᠭᠠᠨ ᠤ ᠠᠷᠠᠳ ᠰᠦᠨ ᠬᠦᠢ ᠶᠦᠨ ᠬᠡᠯᠡᠪᠡ᠃ ᠯᠠᠵᠤᠤ ᠪᠣᠯᠪᠠᠰᠤᠷᠠᠬᠤ ᠤᠯᠠᠷᠢᠯ ᠪᠣᠯᠬᠤ ᠪᠦᠷᠢ᠂ ᠳᠥᠷᠥᠯᠵᠢ ᠪᠠᠯᠭᠠᠰᠤᠨ ᠤ ᠨᠠᠨ ᠰᠢᠶᠠᠨ ᠭᠤᠸᠠᠩ ᠭᠠᠴᠠᠭ᠎ᠠ ᠶᠢᠨ ᠶᠢᠨ ᠱᠠᠩ ᠬᠥᠩ ᠢᠳᠡᠭᠡᠨ ᠤ ᠦᠢᠯᠡᠳᠪᠦᠷᠢ ᠶᠢᠨ ᠬᠠᠷᠢᠭᠤᠴᠠᠯᠭᠠᠲᠠᠨ ᠼᠦᠢ ᠱᠢ ᠶᠤᠸᠠᠨ ᠡᠷᠭᠢᠨ ᠲᠣᠭᠤᠷᠢᠨ ᠤ ᠭᠠᠴᠠᠭᠠᠨ ᠤ ᠠᠷᠠᠳ ᠣᠯᠠᠨ ᠤ ᠲᠠᠷᠢᠭᠰᠠᠨ ᠯᠠᠵᠤᠤ ᠶᠢ ᠬᠤᠳᠠᠯᠳᠤᠨ ᠠᠪᠴᠤ ᠨᠠᠷᠢᠯᠢᠭ ᠡᠳ᠋ᠰᠢᠭᠦᠯᠬᠦ᠂ ᠯᠠᠵᠤᠤ ᠶᠢᠨ ᠵᠢᠶᠠᠩ᠂ ᠭᠤᠱᠤᠭᠤᠨ ᠴᠠᠭᠠᠨ ᠨᠣᠭᠤᠭ᠎ᠠ ᠵᠡᠷᠭᠡ 30 ᠭᠠᠷᠤᠢ ᠵᠦᠢᠯ ᠤᠨ ᠦᠢᠯᠡᠳᠬᠦᠨ ᠦᠢᠯᠡᠳᠬᠦ ᠪᠠᠷ ᠶᠠᠭᠠᠷᠠᠯᠳᠤᠵᠤ᠂ ᠪᠡᠭᠡᠵᠢᠩ᠂ ᠱᠠᠩᠬᠠᠢ᠂ ᠬᠠᠩᠵᠧᠦ ᠵᠡᠷᠭᠡ ᠭᠠᠵᠠᠷ ᠲᠤ ᠵᠠᠬᠢᠶᠠᠯᠠᠭ᠎ᠠ ᠲᠠᠢ ᠪᠠᠷ ᠪᠠᠷᠠᠬᠤ ᠦᠭᠡᠢ᠂ ᠺᠣᠷᠢᠶᠠ ᠵᠡᠷᠭᠡ ᠤᠯᠤᠰ ᠲᠤ ᠴᠤ ᠵᠠᠬ᠎ᠠ ᠳᠡᠯᠭᠡᠭᠦᠷ ᠨᠡᠭᠡᠭᠡᠵᠦ᠂ ᠡᠯᠧᠺᠳ᠋ᠷᠣᠨ ᠬᠤᠳᠠᠯᠳᠤᠭᠠᠨ ᠤ ᠲᠠᠪᠴᠠᠩ ᠢᠶᠠᠷ ᠳᠠᠮᠵᠢᠭᠤᠯᠤᠨ ᠠᠵᠤ ᠠᠬᠤᠢ ᠶᠢᠨ ᠦᠷ᠎ᠡ ᠠᠰᠢᠭ ᠢ ᠠᠪᠴᠢᠷᠠᠬᠤ ᠶᠢᠨ ᠬᠠᠮᠲᠤ ᠲᠣᠰᠬᠤᠨ ᠤ ᠠᠷᠠᠳ ᠤᠨ ᠯᠠᠵᠤᠤ ᠪᠣᠷᠣᠯᠠᠭᠤᠯᠬᠤ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠵᠡᠢ᠃     ︽ᠣᠳᠣ ᠨᠢᠭᠡᠨᠲᠡ ᠯᠠᠵᠤᠤ ᠶᠢᠨ ᠡᠯᠪᠡᠭ ᠬᠤᠷᠢᠶᠠᠯᠲᠠ ᠶᠢᠨ ᠤᠯᠠᠷᠢᠯ ᠳᠤ ᠬᠦᠷᠬᠦ ᠳᠤ᠂ ᠪᠢᠳᠡ ᠡᠷᠭᠢᠨ ᠲᠣᠭᠤᠷᠢᠨ ᠤ ᠭᠠᠴᠠᠭ᠎ᠠ ᠠᠴᠠ ᠡᠬᠢᠯᠡᠨ ᠬᠤᠳᠠᠯᠳᠤᠨ ᠠᠪᠴᠤ᠂ ᠳᠠᠷᠠᠭ᠎ᠠ ᠨᠢ ᠯᠠᠵᠤᠤ ᠡᠳ᠋ᠰᠢᠭᠦᠯᠬᠦ ᠦᠢᠯᠡᠳᠪᠦᠷᠢ ᠳᠤ ᠨᠠᠷᠢᠯᠢᠭ ᠡᠳ᠋ᠰᠢᠭᠦᠯᠵᠦ᠂ ᠳᠠᠬᠢᠨ ᠮᠠᠨ ᠤ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠲᠠᠪᠴᠠᠩ ᠢᠶᠠᠷ ᠳᠠᠮᠵᠢᠭᠤᠯᠵᠤ᠂ ᠪᠦᠬᠦ ᠤᠯᠤᠰ ᠲᠤ ᠪᠣᠷᠣᠯᠠᠭᠤᠯᠤᠨ᠎ᠠ᠃ ᠣᠯᠠᠨ ᠢᠶᠠᠷ ᠢᠶᠠᠨ ᠪᠠᠰᠠ ᠮᠠᠨ ᠤ ᠲᠠᠪᠴᠠᠩ ᠳᠤ ᠵᠠᠬᠢᠶᠠᠯᠠᠭ᠎ᠠ ᠬᠢᠵᠦ ᠪᠣᠯᠤᠨ᠎ᠠ᠂ ᠣᠳᠣ ᠯᠠᠵᠤᠤ ᠵᠢᠶᠠᠩ ᠪᠦᠬᠦ ᠤᠯᠤᠰ ᠤᠨ ᠡᠯ᠎ᠡ ᠭᠠᠵᠠᠷ ᠲᠤ ᠴᠥᠮ ᠪᠣᠷᠣᠯᠠᠭᠤᠯᠤᠯᠲᠠ ᠲᠠᠢ ᠪᠥᠭᠡᠳ ᠭᠤᠱᠤᠭᠤᠨ ᠠᠮᠲᠠ ᠲᠠᠢ ᠴᠤ ᠭᠤᠱᠤᠭᠤᠨ ᠪᠤᠰᠤ ᠣᠨᠴᠠᠯᠢᠭ ᠠᠴᠠ ᠪᠣᠯᠵᠤ ᠥᠷᠭᠡᠨ ᠢᠶᠠᠷ ᠰᠢᠯᠭᠠᠨ ᠦᠨᠡᠯᠡᠭᠳᠡᠵᠦ ᠪᠠᠶᠢᠨ᠎ᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠢᠨ ᠱᠠᠩ ᠬᠥᠩ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠶᠢᠨ ᠬᠠᠷᠢᠭᠤᠴᠠᠯᠭᠠᠲᠠᠨ ᠼᠦᠢ ᠱᠢ ᠶᠤᠸᠠᠨ ᠬᠡᠯᠡᠪᠡ᠃    ᠲᠤᠰ ᠭᠠᠵᠠᠷ ᠤᠨ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠣᠷᠣᠯᠠᠭᠤᠯᠬᠤ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ᠂ ᠳᠥᠷᠥᠯᠵᠢ ᠪᠠᠯᠭᠠᠰᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠲᠢᠩᠬᠢᠮ ᠪᠠᠶᠢᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠬᠦ᠂ ᠪᠣᠷᠣᠯᠠᠭᠤᠯᠬᠤ᠂ ᠡᠳ᠋ ᠪᠠᠷᠠᠭᠠᠨ ᠤ ᠭᠦᠢᠯᠭᠡᠭᠡ᠂ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠡᠯᠧᠺᠳ᠋ᠷᠣᠨ ᠬᠤᠳᠠᠯᠳᠤᠭᠠᠨ ᠤ ᠲᠠᠪᠴᠠᠩ ᠢ ᠪᠠᠶᠢᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠪᠦᠲᠦᠭᠡᠭᠳᠡᠬᠦᠨ ᠤ ︽ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯ᠎ᠡ︾ ᠪᠠᠶᠢᠬᠤ ᠶᠢ ᠪᠡᠶᠡᠯᠡᠭᠦᠯᠵᠦ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠳᠤ ᠨᠡᠩ ᠣᠯᠠᠨ ᠣᠷᠣᠯᠭ᠎ᠠ ᠪᠠ ᠠᠵᠢᠯ ᠣᠯᠬᠤ ᠲᠣᠬᠢᠶᠠᠯ ᠣᠯᠭᠤᠵᠤ᠂ ᠤᠯᠠᠮᠵᠢᠯᠠᠯᠲᠤ ᠬᠦᠷᠢᠶ᠎ᠡ ᠬᠠᠰᠢᠶᠠᠨ ᠤ ᠠᠵᠤ ᠠᠬᠤᠢ ᠶᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠪᠠ᠃ ︽ᠪᠢᠳᠡ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ︿ᠨᠢᠭᠡ ᠲᠣᠰᠬᠤᠨ ᠳᠤ ᠨᠢᠭᠡ ᠲᠦᠷᠦᠯ ᠲᠡᠮᠳᠡᠭ﹀︾ ᠤᠨ ᠵᠠᠭᠪᠤᠷ ᠢ ᠠᠪᠴᠤ᠂ ᠲᠣᠰᠬᠤᠨ ᠤ ᠠᠷᠠᠳ ᠤᠨ ᠲᠤᠰ ᠪᠡᠶ᠎ᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠬᠢᠷᠠᠮᠵᠢᠲᠠᠢ ᠲᠠᠷᠢᠮᠠᠯ ᠤᠨ ᠲᠥᠷᠥᠯ ᠵᠦᠢᠯ ᠢ ᠰᠣᠩᠭᠤᠬᠤ ᠶᠢ ᠵᠣᠷᠢᠭᠵᠢᠭᠤᠯᠤᠨ᠎ᠠ᠃ ᠡᠭᠦᠨ ᠤ ᠬᠠᠮᠲᠤ᠂ ᠪᠢᠳᠡ ᠪᠠᠰᠠ ᠢᠨᠲ᠋ᠧᠷ ᠰᠦᠯᠵᠢᠶ᠎ᠡ᠂ ᠰᠢᠭᠤᠳ ᠨᠡᠪᠲᠡᠷᠡᠭᠦᠯᠭᠡ ᠶᠢᠨ ᠲᠠᠪᠴᠠᠩ ᠵᠡᠷᠭᠡ ᠰᠢᠨ᠎ᠡ ᠪᠠᠷ ᠮᠠᠨᠳᠤᠭᠰᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠬᠦᠷᠢᠶᠡᠨ ᠤ ᠠᠵᠤ ᠠᠬᠤᠢ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ ᠃ ᠡᠶᠢᠮᠦᠷᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠰᠬᠤᠨ ᠤ ᠠᠷᠠᠳ ᠤᠨ ᠣᠷᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠳᠡᠰ ᠳᠡᠪᠰᠢᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ︾ ᠬᠡᠵᠤ ᠳᠥᠷᠥᠯᠵᠢ ᠪᠠᠯᠭᠠᠰᠤᠨ ᠤ ᠠᠵᠤ ᠠᠬᠤᠢ ᠶᠢᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ ᠬᠠᠷᠢᠭᠤᠴᠠᠯᠭᠠᠲᠠᠨ ᠶᠤᠸᠠᠨ ᠬᠤᠶ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号