ᠰᠢ ᠶᠢᠨ ᠫᠢᠩ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠢᠯᠡᠳᠲᠡ ᠤᠯᠤᠰ ᠲᠦᠷᠦ ᠶᠢᠨ ᠳᠠᠪᠠᠭᠤᠯᠢᠭ ᠢ ᠨᠡᠩ ᠭᠦᠢᠴᠡᠳ ᠪᠠᠳᠠᠷᠠᠭᠤᠯᠵᠥ ᠠᠮᠢᠳᠤ ᠴᠣᠪᠣᠭᠤᠯᠢᠭ ᠲᠦᠪᠰᠢᠷᠡᠨ ᠪᠦᠯᠬᠦᠮᠳᠡᠭᠰᠡᠨ ᠤᠯᠤᠰ ᠲᠥᠷᠥ ᠶᠢᠨ ᠪᠠᠶᠢᠳᠠᠯ ᠢ ᠲᠠᠰᠤᠷᠠᠯᠲᠠ ᠤᠢᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠶ
ᠨᠡᠶᠢᠲᠡᠯᠡᠭᠰᠡᠨ ᠴᠠᠭ᠄
2024/9/23
   ᠯᠢ ᠴᠢᠶᠠᠩ ᠵᠤᠤ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠣᠷᠣᠯᠴᠠᠵᠠᠢ   ᠸᠠᠩ ᠬᠤ᠋ ᠨᠢᠩ ᠬᠤᠷᠠᠯ ᠢ ᠡᠷᠬᠢᠯᠡᠪᠡ   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ 20 ᠤ ᠦᠳᠡ ᠶᠢᠨ ᠡᠮᠦᠨ᠎ᠡ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠶᠣᠰᠣᠯᠠᠯ ᠤᠨ ᠲᠠᠩᠬᠢᠮ ᠳᠤ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ   ᠰᠢ ᠶᠢᠨ ᠫᠢᠩ ᠶᠡᠭᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠪᠢᠳᠡ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠨᠡᠩ ᠪᠠᠲᠤᠳᠬᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠦᠭᠵᠢᠬᠦᠯᠬᠦ ᠳᠤᠮᠳᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠢᠯᠡᠳᠲᠡ ᠤᠯᠤᠰ ᠲᠦᠷᠦ ᠶᠢᠨ ᠳᠠᠪᠠᠭᠤᠯᠢᠭ ᠢ ᠨᠡᠩ ᠭᠦᠢᠴᠡᠳ ᠪᠠᠳᠠᠷᠠᠭᠤᠯᠵᠤ᠂ ᠠᠮᠢᠳᠤ ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃   ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠶᠡᠭᠡ ᠬᠤᠷᠠᠯ ᠳᠤ ᠣᠷᠣᠯᠴᠠᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠶᠡᠭᠡ ᠬᠤᠷᠠᠯ ᠢ ᠡᠷᠬᠢᠯᠡᠪᠡ᠃   ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠡᠰ ᠳᠤᠮᠳᠠ ᠡᠬᠢᠯᠡᠪᠡ᠃ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠮᠠᠷᠺᠰ ᠯᠧᠨᠢᠨ ᠤ ᠦᠵᠡᠯ ᠤᠨ ᠨᠢᠭᠡᠳᠦᠮᠡᠯ ᠹᠷᠣᠨᠲ ᠤᠨ ᠤᠨᠦᠯ᠂ ᠲᠦᠷᠦ ᠶᠢᠨ ᠨᠠᠮ ᠤᠨ ᠤᠨᠤᠯ᠂ ᠠᠷᠠᠳᠴᠢᠯᠠᠭᠰᠠᠨ ᠤᠯᠤᠰ ᠲᠦᠷᠦ ᠶᠢᠨ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠬᠰᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠤᠭᠰᠠᠨ ᠠᠭᠤᠤ ᠶᠡᠭᠡ ᠦᠷ᠎ᠡ ᠪᠦᠲᠦᠭᠡᠯ ᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ᠂ ᠠᠷᠠᠳ ᠤᠨ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠢ ᠤᠳᠤᠷᠢᠳᠤᠨ ᠤᠯᠤᠰ ᠲᠦᠷᠦ ᠶᠢᠨ ᠪᠠᠶᠢᠭᠤᠯᠤᠯ ᠤᠨ ᠲᠠᠯ᠎ᠠ ᠪᠠᠷ ᠬᠢᠭᠰᠡᠨ ᠠᠭᠤᠤ ᠶᠡᠭᠡ ᠡᠭᠦᠳᠦᠯᠲᠡ ᠪᠠᠶᠢᠵᠥ᠂ ᠭᠦᠨ ᠵᠤᠵᠠᠭᠠᠨ ᠰᠣᠶᠣᠯ ᠤᠨ ᠰᠠᠭᠤᠷᠢ᠂ ᠤᠨᠤᠯ ᠤᠨ ᠰᠠᠭᠤᠷᠢ᠂ ᠦᠢᠯᠡᠳᠦᠯᠭᠡ ᠶᠢᠨ ᠰᠠᠭᠤᠷᠢ ᠲᠠᠢ᠂ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠪᠠ ᠢᠯᠡᠳᠲᠡ ᠤᠯᠤᠰ ᠲᠥᠷᠥ ᠶᠢᠨ ᠳᠠᠪᠠᠭᠤᠯᠢᠭ ᠲᠠᠢ ᠶᠤᠮ᠂ ᠰᠢᠨᠵᠢᠯᠡᠬᠦ ᠤᠬᠠᠭᠠᠨᠴᠢ᠂ ᠪᠦᠳᠦᠮᠵᠢᠳᠡᠢ᠂ ᠲᠤᠰᠠᠲᠠᠶ ᠪᠠᠶᠢᠭᠤᠯᠤᠯ ᠤᠨ ᠲᠣᠬᠢᠷᠠᠭᠤᠯᠤᠯᠲᠠ ᠮᠦᠨ᠂ ᠬᠥᠮᠦᠨ ᠲᠥᠷᠥᠯᠬᠢᠲᠡᠨ ᠤ ᠤᠯᠤᠰ ᠲᠥᠷᠥ ᠶᠢᠨ ᠪᠠᠶᠢᠭᠤᠯᠤᠯ ᠤᠨ ᠬᠥᠭᠵᠢᠯᠲᠡ ᠶᠢᠨ ᠲᠡᠦᠬᠡᠨ ᠳᠡᠭᠡᠷ᠎ᠡ ᠥᠪᠡᠷᠮᠢᠴᠡ ᠤᠯᠤᠰ ᠲᠥᠷᠥ ᠶᠢᠨ ᠦᠨ᠎ᠡ ᠥᠷᠲᠡᠭ ᠲᠠᠢ ᠶᠤᠮ ᠬᠡᠳᠡᠭ ᠢ 75 ᠵᠢᠯ ᠤᠨ ᠲᠤᠷᠰᠢᠬᠢ ᠦᠢᠯᠡᠳᠦᠯᠭᠡ ᠭᠦᠢᠴᠡᠳ ᠭᠡᠷᠡᠴᠢᠯᠡᠵᠡᠶ ᠬᠡᠵᠥ ᠵᠢᠭᠠᠵᠤ ᠭᠠᠷᠭᠠᠪᠠ᠃   ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠪᠠᠶᠢᠳᠠᠯ ᠡᠭᠦᠷᠭᠡ ᠳᠤ ᠵᠣᠬᠢᠴᠠᠵᠤ᠂ ᠦᠢᠯᠡᠳᠦᠯᠭᠡ ᠶᠢᠨ ᠰᠢᠨ᠎ᠡ ᠶᠢ ᠡᠭᠦᠳᠦᠭᠰᠡᠨ ᠰᠠᠭᠤᠷᠢᠨ ᠳᠡᠭᠡᠷ᠎ᠡ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠣᠨᠣᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠵᠢᠮ᠎ᠡ ᠶᠣᠰᠣᠴᠢ ᠴᠢᠨᠠᠷᠲᠠᠶ ᠲᠠᠨᠢᠯᠲᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠪᠡ᠃ ᠭᠤᠣᠯᠳᠠᠭᠤ᠄ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠪᠣᠯᠬᠤ ᠦᠢᠯᠡᠳᠦᠯ ᠢ ᠪᠠᠳᠠᠷᠠᠭᠤᠯᠬᠤ ᠶᠢ ᠪᠠᠷᠢᠮᠲᠠᠯᠠᠵᠤ᠂ ᠮᠠᠨ ᠤ ᠤᠯᠤᠰ ᠤᠨ ᠨᠡᠶᠢᠭᠡᠮ ᠵᠢᠷᠤᠮ ᠤᠨ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠭᠤᠣᠯ ᠭᠤᠭᠴᠤᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠪᠠ ᠤᠯᠤᠰ ᠤᠨ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠵᠤ᠂ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠪᠠ᠃ ᠡᠨᠡ 10 ᠵᠦᠢᠯ ᠨᠢ ᠮᠠᠨ ᠤ ᠨᠠᠮ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ᠂ 75 ᠵᠢᠯ ᠤᠨ ᠲᠤᠷᠰᠢᠬᠢ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢᠨ ᠲᠤᠷᠰᠢᠯᠭ᠎ᠠ ᠶᠢᠨ ᠲᠥᠪᠯᠡᠷᠡᠩᠭᠦᠢ ᠢᠯᠡᠷᠡᠯ ᠪᠤᠯᠤᠨ᠎ᠠ᠂ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠂ ᠡᠷᠬᠡᠪᠰᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠦᠢᠯᠡᠳᠦᠯᠭᠡ ᠶᠢᠨ ᠳᠤᠮᠳᠠ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃   ᠰᠢ ᠶᠢᠨ ᠫᠢᠩ᠂ ᠵᠥᠪᠯᠡᠬᠦ ᠠᠷᠠᠳᠴᠢᠯᠠᠯ ᠪᠣᠯ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠮᠠᠨ ᠤ ᠤᠯᠤᠰ ᠤᠨ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠣᠨᠴᠠᠭᠠᠢ ᠬᠡᠯᠪᠡᠷᠢ ᠪᠠ ᠥᠪᠡᠷᠮᠢᠴᠡ ᠳᠠᠪᠠᠭᠤᠯᠢᠭ ᠮᠥᠨ᠂ ᠨᠠᠮ ᠤᠨ ᠤᠯᠠᠨ ᠲᠦᠮᠡᠨᠴᠢ ᠱᠤᠭᠤᠮ ᠤᠨ ᠤᠯᠤᠰ ᠲᠦᠷᠦ ᠶᠢᠨ ᠬᠦᠷᠢᠶᠡᠨ ᠳᠠᠬᠢ ᠴᠢᠬᠤᠯᠠ ᠢᠯᠡᠷᠡᠯ ᠮᠥᠨ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠢᠮᠠᠭᠲᠠ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠵᠥᠪᠯᠡᠬᠦ ᠠᠷᠠᠳᠴᠢᠯᠠᠯ ᠤᠨ ᠰᠢᠰᠲ᠋ᠧᠮ ᠢ ᠨᠢᠭᠡᠳᠦᠯᠲᠡᠢ ᠲᠥᠯᠥᠪᠵᠢᠭᠦᠯᠦᠨ ᠲᠡᠭᠦᠯᠳᠡᠷᠵᠢᠭᠦᠯᠵᠦ᠂ ᠵᠥᠪᠯᠡᠬᠦ ᠠᠷᠠᠳᠴᠢᠯᠠᠯ ᠤᠨ ᠲᠣᠭᠲᠠᠴᠠ ᠶᠢ ᠬᠦᠴᠦᠯᠡᠨ ᠪᠦᠷᠢᠨᠰᠢᠬᠦᠯᠵᠤ᠂ ᠵᠥᠪᠯᠡᠬᠦ ᠠᠷᠭ᠎ᠠ ᠬᠡᠯᠪᠡᠷᠢ ᠪᠠ ᠲᠠᠪᠴᠠᠩ ᠢ ᠲᠠᠰᠤᠷᠠᠯᠳᠠ ᠦᠭᠡᠢ ᠥᠷᠭᠡᠳᠭᠡᠵᠦ᠂ ᠰᠠᠶᠢᠨ ᠰᠠᠶᠢᠬᠠᠨ ᠠᠭᠤᠷ ᠠᠮᠢᠰᠬᠤᠯ ᠪᠠ ᠨᠥᠬᠦᠴᠡᠯ ᠢ ᠢᠳᠡᠪᠬᠢᠲᠡᠢ ᠪᠤᠢ ᠪᠣᠯᠭᠠᠵᠤ᠂ ᠵᠥᠪᠯᠡᠬᠦ ᠠᠷᠠᠳᠴᠢᠯᠠᠯ ᠢ ᠥᠷᠭᠡᠨ ᠳᠡᠯᠭᠡᠷ ᠤᠯᠠᠨ ᠳᠠᠪᠬᠤᠷᠭ᠎ᠠ ᠪᠠᠷ ᠳᠦᠷᠢᠮᠵᠢᠭᠦᠯᠦᠨ ᠬᠥᠭᠵᠢᠭᠦᠯᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠡᠨ ᠲᠡᠯᠭᠡᠷ ᠢᠶᠠᠷ ᠬᠥᠮᠦᠰ ᠤᠨ ᠰᠡᠳᠭᠢᠯ ᠢ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃   ᠰᠢ ᠶᠢᠨ ᠫᠢᠩ᠂ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠪᠣᠯ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠬᠦ ᠭᠤᠣᠯ ᠲᠡᠩᠭᠡᠯᠢᠭ ᠮᠥᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠶᠡᠷᠦᠩᠬᠡᠶᠢᠯᠡᠨ ᠵᠢᠯᠣᠭᠤᠳᠬᠤ ᠶᠡᠷᠦᠩᠬᠡᠢ ᠬᠥᠲᠥᠯᠪᠦᠷᠢ ᠮᠥᠨ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠢᠯᠡ ᠲᠣᠳᠣ ᠤᠯᠤᠰ ᠲᠦᠷᠦ ᠶᠢᠨ ᠰᠢᠨᠵᠢ ᠴᠢᠨᠠᠷ ᠢ ᠭᠦᠨᠵᠡᠭᠡᠢ ᠲᠠᠨᠢᠵᠤ᠂ ᠨᠠᠮ ᠤᠨ ᠰᠢᠨ᠎ᠡ ᠡᠬᠦᠳᠤᠯᠳᠠ ᠶᠢᠨ ᠤᠨᠤᠯ ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠤᠨ ᠤᠯᠤᠰ ᠲᠦᠷᠦ ᠶᠢᠨ ᠲᠠᠯ᠎ᠠ ᠪᠠᠷ ᠤᠯᠠᠮ ᠨᠢᠭᠡ ᠠᠯᠬᠤᠮ ᠪᠦᠯᠬᠦᠮᠳᠡᠨ ᠬᠠᠮᠲᠤᠷᠠᠯᠴᠠᠬᠤ᠂ ᠦᠵᠡᠯ ᠰᠠᠨᠠᠭᠠᠨ ᠤ ᠲᠠᠯ᠎ᠠ ᠪᠠᠷ ᠬᠠᠮᠲᠤ ᠪᠠᠷ ᠲᠠᠪᠰᠢᠬᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠠᠯᠬᠤᠮ ᠨᠢᠭᠡᠲᠡᠢ ᠪᠠᠶᠢᠬᠤ ᠶᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠴᠢᠳᠠᠪᠤᠷᠢᠲᠠᠨ ᠲᠥᠪᠯᠡᠷᠡᠭᠰᠡᠨ᠂ ᠤᠶᠤᠨ ᠴᠢᠳᠠᠪᠤᠷᠢ ᠲᠥᠪᠯᠡᠷᠡᠭᠰᠡᠨ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠶᠢᠨ ᠭᠤᠣᠯᠳᠠᠯᠭ᠎ᠠ ᠲᠠᠢ ᠠᠰᠠᠭᠤᠳᠠᠯ ᠬᠦᠴᠢᠷ ᠠᠰᠠᠭᠤᠳᠠᠯ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠬᠦ ᠶᠢ ᠭᠦᠨᠵᠡᠭᠡᠢ ᠠᠬᠢᠭᠤᠯᠬᠤ ᠬᠡᠷᠡᠭᠲᠡᠢ᠃ ᠵᠥᠪᠯᠡᠬᠦ ᠮᠠᠶ᠋ᠢᠭ ᠤᠨ ᠬᠢᠨᠠᠯᠲᠠ ᠲᠠᠯᠪᠢᠬᠤ ᠳᠠᠪᠠᠭᠤᠯᠢᠭ ᠢ ᠪᠠᠳᠠᠷᠠᠭᠤᠯᠵᠤ᠂ ᠨᠠᠮ ᠪᠠ ᠤᠯᠤᠰ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃   ᠰᠢ ᠶᠢᠨ ᠫᠢᠩ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ ᠨᠢᠭᠡᠳᠦᠮᠡᠯ ᠹᠷᠣᠨᠲ ᠤᠨ ᠬᠥᠮᠦᠰ ᠤᠨ ᠰᠡᠳᠭᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ ᠦᠢᠯᠡᠳᠦᠯ ᠢ ᠪᠠᠳᠠᠷᠠᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠭᠠᠳᠠᠨᠠᠬᠢ ᠰᠡᠬᠡᠭᠡᠲᠡᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠦᠰ ᠪᠣᠯᠤᠨ ᠱᠠᠰᠢᠨ ᠰᠤᠷᠲᠠᠬᠤᠨ ᠤ ᠬᠥᠮᠦᠰ ᠤᠨ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠭᠠᠳᠠᠭᠠᠳᠤ ᠳᠤ ᠰᠠᠭᠤᠭ᠎ᠠ ᠬᠠᠷᠢᠶᠠᠲᠤ ᠨᠡᠷ ᠲᠠᠢ ᠥᠷᠭᠡᠨ ᠢᠶᠠᠷ ᠪᠦᠯᠬᠦᠮᠳᠡᠨ ᠬᠠᠷᠢᠯᠴᠠᠵᠤ᠂ ᠬᠦᠴᠦᠷᠭᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠠᠮᠤᠭ ᠤᠨ ᠶᠡᠭᠡ ᠢᠵᠢᠯᠢ ᠲᠥᠪᠲᠦ ᠲᠣᠭᠤᠷᠢᠭ ᠢ ᠰᠠᠶᠢᠲᠤᠷ ᠵᠢᠷᠤᠭᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠪᠠᠶᠢᠭᠤᠯᠤᠯ ᠲᠣᠭᠲᠠᠴᠠ ᠶᠢ ᠪᠦᠷᠢᠨᠰᠢᠬᠦᠯᠵᠤ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠬᠢᠬᠦ ᠪᠠ ᠪᠤᠰᠤᠳ ᠵᠥᠪᠯᠡᠯᠭᠡ ᠬᠢᠬᠦ ᠬᠡᠯᠪᠡᠷᠢ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠭᠦᠨᠵᠡᠭᠡᠢ ᠵᠥᠪᠯᠡᠯᠭᠡ ᠬᠢᠵᠦ ᠬᠤᠷᠰᠢᠯᠴᠠᠬᠤ᠂ ᠰᠠᠨᠠᠯ ᠢᠶᠠᠨ ᠭᠦᠢᠴᠡᠳ ᠢᠯᠡᠳᠭᠡᠬᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠣᠭᠲᠠᠴᠠ ᠶᠢ ᠪᠦᠷᠢᠨᠰᠢᠬᠦᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ᠂ ᠤᠯᠠᠨ ᠲᠦᠮᠡᠨ ᠲᠠᠢ ᠬᠠᠷᠢᠯᠴᠠᠬᠤ᠂ ᠠᠷᠠᠳ ᠲᠦᠮᠡᠨ ᠳᠤ ᠦᠢᠯᠡᠴᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠵᠣᠪᠠᠭᠤᠷᠢ ᠶᠢ ᠰᠢᠢᠳᠪᠦᠷᠢᠯᠡᠬᠦ᠂ ᠠᠷᠠᠳ ᠤᠨ ᠰᠡᠳᠭᠢᠯ ᠢ ᠳᠤᠯᠠᠭᠠᠴᠠᠭᠤᠯᠬᠤ ᠠᠵᠢᠯ ᠢ ᠢᠯᠡᠭᠦᠬᠡᠨ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠤᠯᠤᠰ ᠲᠦᠷᠦ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠲᠦᠷᠦ ᠶᠢᠨ ᠶᠠᠪᠤᠳᠠᠯ ᠢ ᠵᠥᠪᠯᠡᠬᠦ ᠳᠡᠭᠡᠨ ᠴᠢᠳᠠᠮᠠᠭᠠᠢ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠲᠦᠷᠢᠮ ᠢ ᠡᠷᠬᠢᠮᠯᠡᠬᠦ᠂ ᠵᠠᠩ ᠰᠤᠷᠲᠠᠯ ᠢ ᠴᠢᠬᠤᠯᠠᠴᠢᠯᠠᠬᠤ ᠨᠢᠭᠡᠨ ᠰᠠᠯᠠᠭ᠎ᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠩᠨᠡᠭᠡ ᠶᠢ ᠪᠠᠶᠢᠭᠤᠯᠬᠤ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠯᠠᠭ᠎ᠠ ᠪᠠᠨ ᠴᠢᠨᠠᠷ ᠰᠠᠶᠢᠲᠠᠢ ᠭᠦᠴᠡᠳᠭᠡᠬᠦ ᠶᠢᠨ ᠴᠢᠬᠤᠯᠠ ᠪᠠᠲᠤᠯᠠᠭ᠎ᠠ ᠮᠥᠨ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤᠯᠤᠰ ᠲᠦᠷᠦ ᠶᠢᠨ ᠪᠡᠶ᠎ᠡ ᠶᠢᠨ ᠭᠠᠷᠤᠯ ᠢᠶᠠᠨ ᠨᠠᠨᠳᠢᠩᠨᠠᠵᠤ᠂ ᠤᠯᠤᠰ ᠲᠦᠷᠦ ᠶᠢᠨ ᠬᠡᠪ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠ ᠡᠭᠦᠷᠭᠡᠯᠡᠯ ᠢᠶᠠᠨ ᠴᠢᠩᠭᠠᠳᠬᠠᠵᠤ᠂ ᠤᠬᠠᠮᠰᠠᠷ ᠠᠴᠠ ᠪᠠᠨ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠬᠤ᠂ ᠰᠢᠢᠳᠪᠦᠷᠢᠲᠦ ᠪᠤᠳᠤᠯᠭ᠎ᠠ ᠲᠤᠭᠳᠠᠭᠠᠬᠤ ᠵᠥᠪᠯᠡᠯᠭᠡ ᠥᠭᠬᠦ᠂ ᠵᠥᠪᠯᠡᠬᠦ ᠠᠷᠠᠳᠴᠢᠯᠠᠯ᠂ ᠤᠯᠤᠰ ᠤᠨ ᠵᠠᠰᠠᠯᠲᠠ ᠶᠢᠨ ᠨᠢᠭᠡᠳᠦᠭᠡᠷ ᠹᠷᠣᠨᠲ ᠤᠨ ᠪᠣᠳᠠᠲᠠᠢ ᠦᠢᠯᠡᠳᠦᠯᠭᠡ ᠳᠤ ᠣᠷᠣᠯᠴᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠴᠢᠳᠠᠪᠬᠢ ᠪᠠᠨ ᠭᠦᠢᠴᠡᠳᠭᠡᠬᠦ ᠶᠢ ᠳᠡᠮᠵᠢᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠳᠤᠷᠢᠳᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠠ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃   ᠸᠠᠩ ᠬᠤ᠋ ᠨᠢᠩ ᠶᠡᠭᠡ ᠬᠤᠷᠠᠯ ᠢ ᠡᠷᠭᠢᠯᠡᠬᠦ ᠳᠡᠭᠡᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠡᠦᠬᠡᠨ ᠳᠠᠬᠢ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠪᠠ ᠢᠯᠡᠳᠲᠡ ᠤᠯᠤᠰ ᠲᠥᠷᠥ ᠶᠢᠨ ᠳᠠᠪᠠᠭᠤᠯᠢᠭ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠵᠥᠪᠯᠡᠬᠦ ᠠᠷᠠᠳᠴᠢᠯᠠᠯ ᠤᠨ ᠥᠷᠭᠡᠨ ᠳᠡᠯᠭᠡᠷ ᠣᠯᠠᠨ ᠳᠠᠪᠬᠤᠷᠭᠠᠲᠤ ᠪᠠᠶᠢᠭᠤᠯᠤᠯᠲᠦ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ ᠳᠤ ᠲᠣᠳᠣᠷᠬᠠᠶ ᠱᠠᠭᠠᠷᠳᠠᠯᠭ᠎ᠠ ᠳᠤᠷᠠᠳᠴᠤ ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠰᠢᠨ᠎ᠡ ᠠᠶᠠᠨ ᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠪᠠ᠃ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠨᠡᠪᠳᠡᠷᠭᠡᠢ ᠭᠦᠨᠵᠡᠭᠡᠢ᠂ ᠪᠠᠶᠠᠯᠢᠭ ᠠᠭᠤᠯᠤᠭᠳᠠᠬᠤᠨ ᠲᠠᠢ ᠪᠠᠶᠢᠵᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ ᠲᠠᠢ ᠶᠤᠮ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶ ᠬᠢᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃   ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠡᠭ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠣᠯᠤᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠲᠤᠰᠢᠶᠠᠯ ᠢ ᠡᠭᠦᠷᠭᠡᠯᠡᠵᠦ ᠥᠩᠭᠡᠷᠡᠭᠰᠡᠨ ᠠᠬᠠᠮᠠᠳ ᠨᠥᠬᠦᠳ ᠶᠡᠭᠡ ᠬᠤᠷᠠᠯ ᠳᠤ ᠣᠷᠣᠯᠴᠠᠪᠠ᠃ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ ᠪᠣᠯᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ᠂ ᠪᠡᠭᠡᠵᠢᠩ ᠳᠤ ᠪᠠᠶᠢᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠬᠤᠯᠪᠣᠭᠳᠠᠯ ᠪᠦᠬᠦᠢ ᠲᠠᠯ᠎ᠠ ᠶᠢᠨ ᠲᠥᠯᠥᠭᠡᠯᠡᠭᠴᠢ ᠵᠡᠷᠭᠡ 800 ᠰᠢᠬᠠᠮ ᠬᠥᠮᠦᠨ ᠶᠡᠭᠡ ᠬᠤᠷᠠᠯ ᠳᠤ ᠣᠷᠣᠯᠴᠠᠵᠠᠢ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 20 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号