ᠰᠢ ᠶᠢᠨ ᠫᠢᠩ ᠲᠥᠪ ᠤᠨ ᠨᠠᠮ ᠤᠨ ᠰᠤᠷᠭᠠᠭᠤᠯᠢ ᠶᠢᠨ ᠰᠢᠨᠵᠢᠶᠠᠩ ᠤᠨ ᠦᠨᠳᠦᠰᠦᠲᠡᠨ ᠤ ᠺᠠᠳ᠋ᠷ ᠤᠨ ᠪᠣᠯᠪᠠᠰᠤᠷᠠᠯ ᠤᠨ ᠠᠩᠭᠢ ᠪᠠᠶᠢᠭᠤᠯᠤᠭᠳᠠᠭᠰᠠᠨ 70 ᠵᠢᠯ ᠤᠨ ᠣᠶ ᠶᠢᠨ ᠲᠠᠰᠢᠷᠠᠮ ᠢᠶᠠᠷ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠰᠢᠨᠵᠢᠶᠠᠩ ᠤᠨ ᠠᠩᠭᠢ ᠶᠢ ᠨᠠᠩ ᠴᠢᠨᠠᠷ ᠰᠠᠶᠢᠲᠠᠶ ᠨᠠᠩ ᠦᠷ᠎ᠡ ᠪᠦᠲᠦᠮᠵᠢ ᠲᠠᠢ ᠡᠷᠬᠢᠯᠡᠬᠦ ᠪᠠᠷ ᠴᠢᠷᠮᠠᠶᠢᠵᠤ ᠰᠢᠨᠵᠢᠶᠠᠩ ᠳᠤ ᠨᠠᠩ ᠣᠯᠠᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠺᠠᠳ᠋ᠷ ᠢ ᠬᠥᠮᠦᠵᠢᠭᠦᠯᠵᠦ ᠥᠭᠬᠦ ᠬᠡᠷᠡᠭᠲᠡᠶ
ᠨᠡᠶᠢᠲᠡᠯᠡᠭᠰᠡᠨ ᠴᠠᠭ᠄
2024/9/23
   ᠲᠥᠪ ᠤᠨ ᠨᠠᠮ ᠤᠨ ᠰᠤᠷᠭᠠᠭᠤᠯᠢ ᠶᠢᠨ ᠰᠢᠨᠵᠢᠶᠠᠩ ᠤᠨ ᠦᠨᠳᠦᠰᠦᠲᠡᠨ ᠤ ᠺᠠᠳ᠋ᠷ ᠤᠨ ᠪᠣᠯᠪᠠᠰᠤᠷᠠᠯ ᠤᠨ ᠠᠩᠭᠢ ᠪᠠᠶᠢᠭᠤᠯᠤᠭᠳᠠᠬᠰᠠᠨ 70 ᠵᠢᠯ ᠤᠨ ᠣᠶ ᠶᠢᠨ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠵᠢᠭᠠᠪᠤᠷᠢ ᠥᠭᠴᠦ᠂ ᠲᠥᠪ ᠤᠨ ᠨᠠᠮ ᠤᠨ ᠰᠤᠷᠭᠠᠭᠤᠯᠢ ᠶᠢᠨ ᠰᠢᠨᠵᠢᠶᠠᠩ ᠤᠨ ᠠᠩᠭᠢ ᠶᠢ ᠡᠭᠦᠰᠭᠡᠨ ᠪᠠᠶᠢᠭᠤᠯᠤᠭᠰᠠᠨ ᠨᠢ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠮᠥᠨ᠃ 70 ᠵᠢᠯ ᠤᠨ ᠲᠤᠷᠰᠢ᠂ ᠰᠢᠨᠵᠢᠶᠠᠩ ᠤᠨ ᠠᠩᠭᠢ ᠢᠮᠠᠭᠲᠠ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠠᠯᠬᠤᠭ᠎ᠠ ᠶᠢ ᠲᠠᠭᠠᠨ ᠤᠷᠤᠭᠰᠢᠯᠠᠵᠤ᠂ ᠶᠡᠷᠦ ᠪᠤᠰᠤ ᠶᠢᠨ ᠲᠡᠦᠬᠡᠨ ᠶᠠᠪᠤᠴᠠ ᠶᠢ ᠥᠩᠭᠡᠷᠡᠭᠦᠯᠵᠦ᠂ ᠨᠠᠮ ᠳᠠᠭᠠᠨ ᠦᠨᠡᠨᠴᠢ ᠰᠢᠳᠤᠷᠭᠤ᠂ ᠤᠨᠤᠯ ᠤᠨ ᠦᠨᠳᠦᠰᠦᠨ ᠪᠣᠯᠪᠠᠰᠤᠷᠠᠯ ᠪᠠᠳᠤ ᠴᠢᠩᠭ᠎ᠠ᠂ ᠲᠦᠷᠦ ᠶᠢᠨ ᠪᠤᠳᠤᠯᠭ᠎ᠠ ᠶᠢ ᠰᠠᠶᠢᠲᠤᠷ ᠡᠵᠡᠮᠰᠢᠭᠰᠡᠨ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠵᠣᠷᠢᠭ ᠰᠢᠭᠤᠳᠤᠭᠰᠠᠨ ᠨᠢᠭᠡ ᠪᠦᠯᠦᠭ ᠰᠢᠯᠢᠳᠡᠭ ᠺᠠᠳ᠋ᠷ ᠢ ᠬᠥᠮᠦᠵᠢᠭᠦᠯᠵᠦ᠂ ᠰᠢᠨᠵᠢᠶᠠᠩ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠰᠢᠨᠵᠢᠶᠠᠩ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠰᠢᠨᠵᠢᠶᠠᠩ ᠤᠨ ᠨᠡᠶᠢᠭᠡᠮ ᠤᠨ ᠲᠣᠭᠲᠠᠭᠤᠨ ᠪᠠ ᠥᠨᠢ ᠤᠳᠠᠭᠠᠨ ᠤ ᠠᠮᠤᠷ ᠲᠣᠭᠲᠠᠭᠤᠨ ᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠡᠢ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠰᠢᠨ᠎ᠡ ᠠᠶᠠᠨ ᠳᠤ᠂ ᠰᠢᠨᠵᠢᠶᠠᠩ ᠤᠨ ᠠᠩᠭᠢ ᠪᠠᠶᠢᠭᠤᠯᠤᠭᠳᠠᠬᠰᠠᠨ 70 ᠵᠢᠯ ᠤᠨ ᠣᠶ ᠪᠠᠷ ᠰᠢᠨ᠎ᠡ ᠭᠠᠷᠤᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠶᠠᠳᠤᠭᠠᠷ᠂ ᠭᠤᠷᠪᠠᠳᠤᠭᠠᠷ ᠤᠳᠠᠭ᠎ᠠ ᠶᠢᠨ ᠲᠥᠪ ᠤᠨ ᠰᠢᠨᠵᠢᠶᠠᠩ ᠤᠨ ᠠᠵᠢᠯ ᠤᠨ ᠳᠤᠬᠠᠢ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ ᠪᠦᠲᠦᠨ ᠵᠦᠪ ᠣᠨᠣᠪᠴᠢᠲᠠᠶ ᠲᠤᠭᠤᠰᠢᠯᠠᠭᠤᠯᠵᠤ᠂ ︽ᠨᠠᠮ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ᠂ ᠨᠠᠮ ᠳᠠᠭᠠᠨ ᠠᠷᠭ᠎ᠠ ᠪᠤᠳᠤᠯᠭ᠎ᠠ ᠭᠠᠷᠭᠠᠵᠤ ᠦᠭᠬᠦ︾ ᠨᠠᠮ ᠤᠨ ᠰᠤᠷᠭᠠᠭᠤᠯᠢ ᠶᠢᠨ ᠤᠭ ᠰᠠᠨᠠᠭ᠎ᠠ ᠶᠢ ᠡᠷᠡᠰ ᠰᠠᠬᠢᠨ ᠦᠢᠯᠡᠳᠤᠯᠭᠡᠵᠢᠬᠦᠯᠵᠤ᠂ ᠰᠢᠨᠵᠢᠶᠠᠩ ᠤᠨ ᠺᠠᠳ᠋ᠷ ᠤᠨ ᠡᠩᠨᠡᠭᠡᠨ ᠤ ᠣᠨᠴᠠᠯᠢᠭ ᠪᠠ ᠠᠵᠢᠯ ᠤᠨ ᠪᠣᠳᠠᠲᠤ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠪᠠᠶᠢᠡᠭᠭᠤᠵᠢᠬᠰᠡᠨ ᠪᠣᠯᠪᠠᠰᠤᠷᠠᠯ ᠢᠯᠠᠩᠭᠤᠶ᠎ᠠ ᠦᠨᠳᠦᠰᠦᠨ ᠪᠣᠯᠪᠠᠰᠤᠷᠠᠯ ᠤᠨ ᠲᠣᠭᠲᠠᠴᠠ ᠶᠢ ᠪᠦᠷᠢᠨᠰᠢᠭᠦᠯᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠬᠦᠳᠤᠯᠳᠠ ᠶᠢᠨ ᠣᠨᠣᠯ ᠢᠶᠠᠷ ᠦᠨᠳᠦᠰᠦ ᠰᠠᠭᠤᠷᠢ ᠶᠢ ᠪᠠᠬᠢᠵᠢᠭᠦᠯᠬᠦ᠂ ᠰᠡᠳᠭᠢᠯ ᠨᠢᠭᠡᠳᠤᠨ ᠰᠦᠭ ᠰᠦᠨᠡᠰᠦ ᠶᠢ ᠱᠤᠭᠤᠬᠤ ᠶᠢ ᠴᠦᠬᠦᠷᠡᠰᠢ ᠦᠭᠡᠢ ᠪᠠᠷᠢᠮᠳᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠩᠭᠢ ᠡᠷᠬᠢᠯᠡᠬᠦ ᠪᠦᠬᠦ ᠶᠠᠪᠤᠴᠠ ᠳᠤ ᠲᠤᠭᠤᠰᠢᠯᠠᠭᠤᠯᠵᠤ᠂ ᠦᠨᠳᠦᠰᠦᠲᠡᠨ ᠤ ᠬᠦᠷᠢᠶᠡᠨ ᠳᠠᠬᠢ ᠰᠠᠭᠤᠷᠢ ᠤᠨᠤᠯ ᠤᠨ ᠠᠰᠠᠭᠤᠳᠠᠯ ᠪᠠ ᠴᠢᠬᠤᠯᠠ ᠶᠡᠭᠡ ᠪᠣᠳᠠᠲᠤ ᠠᠰᠠᠭᠤᠳᠠᠯ ᠤᠨ ᠰᠤᠳᠤᠯᠭᠠᠨ ᠢ ᠴᠢᠩᠭᠠᠳᠬᠠᠵᠤ᠂ ᠰᠢᠨᠵᠢᠶᠠᠩ ᠤᠨ ᠠᠩᠭᠢ ᠶᠢ ᠨᠠᠩ ᠴᠢᠨᠠᠷ ᠰᠠᠶᠢᠲᠠᠶ᠂ ᠨᠠᠩ ᠦᠷ᠎ᠡ ᠪᠦᠲᠦᠮᠵᠢ ᠲᠠᠢ ᠡᠷᠬᠢᠯᠡᠬᠦ ᠪᠠᠷ ᠴᠢᠷᠮᠠᠶᠢᠵᠤ᠂ ᠰᠢᠨᠵᠢᠶᠠᠩ ᠳᠤ ᠨᠠᠩ ᠣᠯᠠᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠺᠠᠳ᠋ᠷ ᠢ ᠬᠥᠮᠦᠵᠢᠭᠦᠯᠵᠦ ᠥᠭᠭᠦ ᠭᠡᠷᠡᠭᠳᠠᠢ ᠭᠡᠵᠤ ᠴᠢᠬᠤᠯᠠᠴᠢᠯᠠᠪᠠ᠃   ᠰᠢ ᠶᠢᠨ ᠫᠢᠩ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠯᠣᠭᠤᠳᠤᠨ ᠬᠠᠮᠵᠢᠯᠴᠠᠬᠤ᠂ ᠰᠢᠨᠵᠢᠶᠠᠩ ᠤᠨ ᠬᠢᠨ ᠳᠡᠮᠵᠢᠯᠴᠡᠨ ᠬᠠᠮᠵᠢᠯᠴᠠᠬᠤ᠂ ᠲᠥᠪ ᠤᠨ ᠨᠠᠮ ᠤᠨ ᠰᠤᠷᠭᠠᠭᠤᠯᠢ ᠭᠤᠣᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠬᠤ ᠠᠵᠢᠯ ᠤᠨ ᠪᠠᠶᠢᠷᠢᠰᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠰᠢᠨᠵᠢᠶᠠᠩ ᠤᠨ ᠠᠩᠬᠢ ᠶᠢ ᠰᠠᠶᠢᠲᠤᠷ ᠡᠷᠬᠢᠯᠡᠬᠦ ᠳᠤ ᠰᠠᠶᠢᠨ ᠰᠠᠶᠢᠬᠠᠨ ᠨᠥᠬᠦᠴᠡᠯ ᠡᠭᠦᠳᠴᠦ᠂ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠱᠠᠭᠠᠷᠳᠠᠪᠠ᠃   ᠲᠥᠪ ᠤᠨ ᠨᠠᠮ ᠤᠨ ᠰᠤᠷᠭᠠᠭᠤᠯᠢ ᠶᠢᠨ ᠰᠢᠨᠵᠢᠶᠠᠩ ᠤᠨ ᠦᠨᠳᠦᠰᠦᠲᠡᠨ ᠤ ᠺᠠᠳ᠋ᠷ ᠤᠨ ᠪᠣᠯᠪᠠᠰᠤᠷᠠᠯ ᠤᠨ ᠠᠩᠭᠢ ᠪᠠᠶᠢᠭᠤᠯᠤᠭᠳᠠᠭᠰᠠᠨ 70 ᠵᠢᠯ ᠤᠨ ᠣᠶ ᠶᠢᠨ ᠶᠠᠷᠢᠯᠴᠠᠬᠤ ᠬᠤᠷᠠᠯ 9 ᠰᠠᠷ᠎ᠠ ᠶᠢᠨ 21 ᠤ ᠡᠳᠦᠷ ᠪᠡᠭᠡᠵᠢᠩ ᠳᠤ ᠬᠤᠷᠠᠯᠳᠤᠪᠠ᠃ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠢᠢᠨ ᠵᠠᠬᠢᠷᠤᠯ ︵ᠲᠡᠭᠡᠳᠤ ᠰᠤᠷᠭᠠᠭᠤᠯᠢ ᠶᠢᠨ ᠵᠠᠬᠢᠷᠤᠯ︶ ᠴᠧᠨ ᠰᠢ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠤᠯ ᠡᠭᠦᠷᠭᠡ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠰᠢᠨᠵᠢᠶᠠᠩ ᠤᠨ ᠦᠨᠳᠦᠰᠦᠲᠡᠨ ᠤ ᠺᠠᠳ᠋ᠷ ᠤᠨ ᠪᠣᠯᠪᠠᠰᠤᠷᠠᠯ ᠤᠨ ᠠᠩᠭᠢ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠢᠨᠵᠢᠶᠠᠩ ᠳᠤ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠭᠡᠷᠡᠭᠳᠠᠢ᠃ ᠰᠢᠨᠵᠢᠶᠠᠩ ᠤᠨ ᠺᠠᠳ᠋ᠷ ᠤᠨ ᠣᠨᠴᠠᠯᠢᠭ ᠪᠠ ᠠᠵᠢᠯ ᠤᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠬᠥᠮᠦᠵᠢᠯ ᠪᠣᠯᠪᠠᠰᠤᠷᠠᠯ ᠤᠨ ᠰᠢᠰᠲ᠋ᠧᠮᠲᠦ ᠴᠢᠨᠠᠷ᠂ ᠬᠠᠨᠳᠤᠯᠭᠠᠲᠤ ᠴᠢᠨᠠᠷ ᠢ ᠴᠢᠩᠭᠠᠳᠬᠠᠵᠤ᠂ ᠦᠨᠳᠦᠰᠦᠨ ᠪᠣᠯᠪᠠᠰᠤᠷᠠᠯ ᠢ ᠯᠠᠪᠳᠠᠭᠤᠨ ᠪᠠᠲᠤᠲᠠᠢ ᠥᠷᠨᠢᠭᠦᠯᠦᠨ᠂ ᠨᠠᠮ ᠤᠨ ᠰᠢᠨ᠎ᠡ ᠡᠬᠦᠳᠤᠯᠳᠠ ᠶᠢᠨ ᠤᠨᠤᠯ ᠢᠶᠠᠷ ᠵᠡᠪᠰᠡᠭᠯᠡᠬᠦ ᠶᠢ ᠬᠦᠴᠦᠯᠡᠨ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠴᠢᠩᠭᠠᠳᠬᠠᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠰᠢᠨᠵᠢᠶᠠᠩ ᠳᠤ ᠨᠡᠩ ᠤᠯᠠᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠺᠠᠳ᠋ᠷ ᠢ ᠬᠥᠮᠦᠵᠢᠭᠦᠯᠵᠦ ᠥᠭᠬᠦ ᠬᠡᠷᠡᠭᠲᠡᠢ ᠭᠡᠵᠤ ᠢᠯᠡᠳᠭᠡᠪᠡ᠃   ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠲᠥᠪ ᠤᠨ ᠨᠠᠮ ᠤᠨ ᠰᠤᠷᠭᠠᠭᠤᠯᠢ ᠶᠢᠨ ᠰᠢᠨᠵᠢᠶᠠᠩ ᠤᠨ ᠦᠨᠳᠦᠰᠦᠲᠡᠨ ᠤ ᠺᠠᠳ᠋ᠷ ᠤᠨ ᠪᠣᠯᠪᠠᠰᠤᠷᠠᠯ ᠤᠨ ᠠᠩᠭᠢ ᠶᠢᠨ ᠵᠣᠬᠢᠶᠠᠨ ᠪᠠᠶᠢᠭᠤᠯᠤᠭᠴᠢ ᠶᠢᠨ ᠲᠥᠯᠥᠭᠡᠯᠡᠭᠴᠢ᠂ ᠰᠤᠷᠤᠭᠴᠢᠳ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠦᠭᠡ ᠬᠡᠯᠡᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 21 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号