ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠳ᠋ᠠᠶᠢᠲ᠋ᠠ ᠬᠥᠮᠥᠷᠭᠡ ᠶᠢ ᠰᠦᠯᠵᠢᠶᠡᠨ ᠳᠤ ᠨᠡᠶᠢᠲᠡᠯᠡᠪᠡ
ᠨᠡᠶᠢᠲᠡᠯᠡᠭᠰᠡᠨ ᠴᠠᠭ᠄
2024/9/23
   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ ᠲᠥᠪ ᠤᠨ ᠤᠬᠠᠭᠤᠯᠬᠤ ᠬᠡᠯᠲᠡᠰ ᠤᠨ ᠵᠢᠯᠣᠭᠤᠳᠣᠯᠭ᠎ᠠ ᠳᠤᠤᠷ᠎ᠠ᠂ ᠠᠷᠠᠳ ᠤᠨ ᠬᠡᠪᠯᠡᠯ ᠤᠨ ᠬᠤᠷᠢᠶ᠎ᠠ ᠠᠴᠠ ᠬᠠᠮᠢᠶ᠎ᠠ ᠪᠥᠬᠦᠶ ᠨᠢᠭᠡᠴᠢ ᠲᠠᠢ ᠬᠠᠮᠲᠤᠷᠠᠨ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠭᠰᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠳ᠋ᠠᠶᠢᠲ᠋ᠠ ᠬᠥᠮᠥᠷᠭᠡ ᠶᠢ 21 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠲᠣᠭᠠᠴᠢᠯᠠᠭᠰᠠᠨ ᠬᠡᠪᠯᠡᠯ ᠤᠨ ᠦᠵᠡᠰᠭᠦᠯᠡᠩ ᠤᠨ ᠴᠤᠭᠯᠠᠭᠠᠨ ᠳᠡᠭᠡᠷ᠎ᠡ ᠵᠢᠩᠬᠢᠨᠢ ᠪᠠᠷ ᠨᠡᠶᠢᠲᠡᠯᠡᠪᠡ᠃   ᠳ᠋ᠠᠶᠢᠲ᠋ᠠ ᠬᠥᠮᠥᠷᠭᠡ ᠳᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠵᠣᠬᠢᠶᠠᠯ᠂ ᠵᠢᠭᠠᠪᠤᠷᠢ᠂ ᠴᠣᠬᠤᠯᠠᠪᠤᠷᠢ᠂ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ ᠵᠡᠷᠭᠡ ᠵᠢᠴᠢ ᠬᠠᠮᠢᠶ᠎ᠠ ᠪᠥᠬᠦᠶ ᠨᠣᠮ ᠪᠢᠴᠢᠭ᠂ ᠰᠣᠨᠢᠨ ᠮᠡᠳᠡᠭᠡᠨ ᠤ ᠮᠡᠳᠡᠭᠡᠯᠡᠯ ᠢ ᠴᠠᠭ ᠲᠤᠬᠠᠶ ᠳᠤᠨᠢ ᠬᠤᠷᠢᠶᠠᠨ ᠠᠪᠴᠤ ᠰᠢᠨᠡᠳᠭᠡᠨ᠂ ᠡᠷᠬᠡ ᠰᠦᠷᠲᠦ ᠴᠢᠨᠠᠷ᠂ ᠲᠤᠰᠬᠠᠶ ᠮᠡᠷᠭᠡᠵᠢᠯ ᠤᠨ ᠴᠢᠨᠠᠷ ᠂ ᠴᠠᠭᠴᠢ ᠴᠢᠨᠠᠷ ᠢ ᠳᠣᠪᠤᠶᠢᠯᠭᠠᠪᠠ᠃ ᠳ᠋ᠠᠶᠢᠲ᠋ᠠ ᠶᠢᠨ ᠠᠭᠤᠯᠭ᠎ᠠ ᠶᠢᠨ ᠰᠠᠭᠤᠷᠢᠨ ᠳᠡᠭᠡᠷ᠎ᠡ᠂ ᠠᠭᠤᠯᠭ᠎ᠠ ᠶᠢ ᠪᠠᠶᠢᠴᠠᠭᠠᠨ ᠯᠠᠪᠯᠠᠬᠤ᠂ ᠣᠨᠣᠪᠴᠢᠲᠠᠶ ᠡᠷᠢᠬᠦ᠂ ᠡᠰᠢ ᠲᠠᠲᠠᠭᠰᠠᠨ ᠵᠦᠢᠯ ᠢ ᠬᠠᠷᠢᠴᠠᠭᠤᠯᠬᠤ ᠵᠡᠷᠭᠡ ᠴᠢᠳᠠᠮᠵᠢ ᠶᠢ ᠨᠡᠭᠡᠭᠡᠨ ᠬᠥᠭᠵᠢᠭᠦᠯᠵᠦ᠂ ᠤᠩᠰᠢᠭᠴᠢᠳ ᠤᠨ ᠰᠢᠰᠲ᠋ᠧᠮ ᠲᠠᠢ ᠰᠤᠷᠤᠯᠴᠠᠬᠤ ᠳᠤ ᠲᠥᠬᠦᠮ ᠦᠵᠡᠭᠦᠯᠦᠨ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠵᠢᠴᠢ ᠬᠡᠪᠯᠡᠯ ᠤᠨ ᠪᠠᠶᠢᠭᠤᠯᠤᠮᠵᠢ ᠶᠢᠨ ᠰᠤᠳᠤᠯᠤᠨ ᠬᠡᠷᠡᠭᠯᠡᠬᠦ ᠳᠤ ᠲᠥᠬᠦᠮ ᠦᠵᠡᠭᠦᠯᠪᠡ᠃   ᠳ᠋ᠠᠶᠢᠲ᠋ᠠ ᠬᠥᠮᠥᠷᠭᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠳᠤᠯᠤᠨ ᠲᠠᠶᠢᠯᠪᠤᠷᠢᠯᠠᠬᠤ ᠳᠤ ᠪᠦᠬᠦ ᠲᠠᠯ᠎ᠠ ᠶᠢᠨ ᠡᠯᠪᠡᠭ ᠪᠠᠶᠠᠯᠢᠭ ᠮᠡᠳᠡᠭᠡ ᠵᠠᠩᠭᠢ ᠬᠠᠩᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ᠭᠦᠨᠵᠡᠭᠡᠢ ᠰᠤᠷᠤᠯᠴᠠᠨ ᠣᠶᠢᠯᠠᠭᠠᠬᠤ ᠡᠷᠬᠡ ᠰᠦᠷᠲᠦ ᠲᠣᠭᠠᠴᠢᠯᠠᠭᠰᠠᠨ ᠬᠡᠪᠯᠡᠯ ᠤᠨ ᠠᠭᠤᠯᠭ᠎ᠠ ᠶᠢᠨ ᠲᠠᠪᠴᠠᠩ ᠪᠣᠯᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 21 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号