ᠰᠢ ᠶᠢᠨ ᠫᠢᠩ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ ᠣᠷᠣᠯᠴᠠᠭᠰᠠᠳ ᠤᠨ ᠲᠥᠯᠥᠭᠡᠯᠡᠭᠴᠢᠳ ᠲᠠᠢ ᠠᠭᠤᠯᠵᠠᠬᠤ ᠳᠠᠭᠠᠨ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠬᠰᠠᠨ ᠨᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠬᠰᠢᠯᠠᠵᠤ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠲᠦᠷᠭᠡᠳᠭᠡᠨ ᠪᠦᠳᠦᠭᠡᠨ ᠪᠠᠶᠢᠭᠤᠯᠬᠤ ᠭᠡᠷᠡᠭᠳᠠᠢ
ᠨᠡᠶᠢᠲᠡᠯᠡᠭᠰᠡᠨ ᠴᠠᠭ᠄
2024/9/24
   ᠡᠬᠦᠨ ᠤ ᠬᠠᠮᠳᠤ ᠰᠠᠷᠠᠨ ᠪᠥᠮᠪᠥᠷᠴᠡᠭ ᠤᠨ ᠦᠯᠢᠬᠡᠷ ᠡᠳ᠋ ᠪᠠ ᠰᠠᠷᠠᠨ ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠠ   ᠯᠢ ᠴᠢᠶᠠᠩ ᠵᠣᠣ ᠯᠧ ᠵᠢᠶ ᠸᠠᠩ ᠬᠣ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠠᠵᠢᠯᠯᠠᠭ᠎ᠠ ᠳᠤ ᠣᠷᠣᠯᠴᠠᠵᠠᠢ   ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 23 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ ᠣᠷᠣᠯᠴᠠᠭᠰᠠᠳ ᠤᠨ ᠲᠥᠯᠥᠭᠡᠯᠡᠭᠴᠢᠳ ᠲᠠᠢ ᠠᠭᠤᠯᠵᠠᠬᠤ ᠳᠠᠭᠠᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠦᠷ᠎ᠡ ᠪᠦᠲᠦᠭᠡᠯ ᠳᠤ ᠮᠠᠨ ᠤ ᠤᠯᠤᠰ ᠤᠨ ᠬᠡᠳᠦᠨ ᠦᠶ᠎ᠡ ᠶᠢᠨ ᠰᠠᠨᠰᠠᠷ ᠤᠨ ᠠᠶᠠᠯᠠᠯ ᠤᠨ ᠠᠵᠢᠯᠲᠠᠳ ᠤᠨ ᠣᠶᠤᠨ ᠤᠬᠠᠭᠠᠨ ᠪᠠ ᠬᠦᠴᠦ ᠬᠥᠳᠡᠯᠮᠦᠷᠢ ᠰᠢᠩᠭᠡᠵᠦ ᠪᠠᠶᠢᠭ᠎ᠠ ᠶᠤᠮ᠂ ᠡᠨᠡ ᠨᠢ ᠮᠠᠨ ᠤ ᠡᠳᠡᠭᠡᠷ ᠵᠢᠯ ᠤᠳ ᠲᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠲᠠᠯ᠎ᠠ ᠪᠠᠷ ᠣᠯᠤᠭᠰᠠᠨ ᠢᠯᠡᠳᠲᠡ ᠠᠮᠵᠢᠯᠲᠠ ᠪᠦᠲᠦᠮᠵᠢ ᠶᠢ ᠨᠢᠭᠡ ᠲᠠᠯ᠎ᠠ ᠠᠴᠠ ᠬᠠᠷᠠᠭᠤᠯᠵᠤ᠂ ᠳᠤᠮᠳᠠᠳᠤᠴᠤᠳ ᠤᠨ ᠡᠷᠴᠢ ᠵᠣᠷᠢᠭ᠂ ᠰᠥᠰᠥ ᠵᠣᠷᠢᠭ ᠪᠠ ᠢᠲᠡᠭᠡᠯ ᠵᠣᠷᠢᠭ ᠢ ᠭᠦᠢᠴᠡᠳ ᠬᠠᠷᠠᠭᠤᠯᠪᠠ᠃ ᠨᠡᠶᠢᠭᠡᠮ ᠳᠠᠶᠠᠭᠠᠷ ᠲᠤ ᠬᠦᠰᠡᠯ ᠵᠡᠭᠦᠳᠦ ᠪᠠᠨ ᠬᠥᠭᠡᠭᠡᠴᠡᠯᠳᠦᠬᠦ᠂ ᠵᠣᠷᠢᠭᠲᠠᠢ ᠬᠠᠶᠢᠨ ᠰᠦᠪᠡᠭᠴᠢᠯᠡᠬᠦ᠂ ᠬᠠᠮᠵᠢᠯᠴᠠᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠠᠮᠲᠤᠷᠠᠯᠴᠠᠵᠤ ᠬᠠᠮᠲᠤ ᠪᠠᠷ ᠠᠰᠢᠭ ᠬᠥᠷᠳᠡᠬᠦ ᠰᠠᠷᠠᠨ ᠪᠦᠮᠪᠦᠷᠴᠡᠭ ᠢ ᠬᠠᠶᠢᠨ ᠰᠢᠨᠵᠢᠯᠡᠬᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠦᠨᠳᠦᠰᠦᠲᠡᠨ ᠤ ᠢᠲᠡᠭᠡᠯ ᠵᠣᠷᠢᠭ ᠪᠠ ᠣᠮᠤᠭ ᠪᠠᠭ᠋ᠠᠳᠤᠯᠳᠤ ᠰᠡᠳᠭᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠤᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃   ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠬᠦᠷᠬᠦ ᠳᠤ ᠲᠠᠯᠠᠪᠠᠢ ᠳᠠᠶᠠᠭᠠᠷ ᠤᠳᠠᠲᠠᠯ᠎ᠠ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠰᠢ ᠶᠢᠨ ᠫᠢᠩ ᠨᠡᠷ ᠤᠯᠠᠨ ᠲᠠᠢ ᠳᠣᠲᠣᠨᠣ ᠪᠠᠷ ᠭᠠᠷ ᠠᠳᠬᠤᠭᠰᠠᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃   ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠡᠨᠡ ᠵᠢᠯ ᠤᠨ 6 ᠰᠠᠷ᠎ᠠ ᠶᠢᠨ 25 ᠤ ᠡᠳᠦᠷ᠂ ᠴᠠᠩ ᠧ ᠵᠢᠷᠭᠤᠳᠤᠭᠠᠷ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠮᠵᠢᠯᠲᠠ ᠲᠠᠢ ᠪᠤᠴᠠᠵᠤ ᠢᠷᠡᠪᠡ᠂ ᠪᠢ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠤᠭᠰᠠᠨ ᠶᠤᠮ᠃ ᠥᠨᠥᠳᠦᠷ᠂ ᠪᠢ ᠲᠥᠪ ᠤᠨ ᠪᠤᠰᠤᠳ ᠤᠳᠤᠷᠢᠳᠬᠤ ᠨᠥᠬᠦᠳ ᠲᠠᠢ ᠬᠠᠮᠳᠤ ᠪᠠᠷ ᠤᠯᠠᠨ ᠢ ᠡᠷᠬᠢᠨ ᠦᠵᠡᠵᠦ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠤᠯᠠᠨ ᠳᠤ ᠳᠠᠬᠢᠨᠲᠠ ᠬᠠᠯᠠᠭᠤᠨ ᠪᠠᠶᠠᠷ ᠬᠦᠷᠭᠡᠬᠦ ᠶᠢᠨ ᠬᠠᠮᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ︕ ᠭᠡᠵᠤ ᠢᠯᠡᠳᠭᠡᠪᠡ᠃   ᠰᠢ ᠶᠢᠨ ᠫᠢᠩ᠂ ᠴᠠᠩ ᠧ ᠵᠢᠷᠭᠤᠳᠤᠭᠠᠷ ᠬᠥᠮᠦᠨ ᠲᠥᠷᠥᠯᠬᠢᠲᠡᠨ ᠤ ᠲᠡᠦᠬᠡᠨ ᠳᠡᠭᠡᠷ᠎ᠠ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠡᠳ᠋ ᠠᠪᠬᠤ ᠶᠢ ᠪᠠᠶᠡᠯᠡᠬᠦᠯᠵᠤ᠂ ᠤᠯᠠᠨ ᠵᠦᠢᠯ ᠤᠨ ᠵᠠᠩᠭᠢᠯᠠᠭ᠎ᠠ ᠶᠢᠨ ᠮᠡᠷᠭᠡᠵᠢᠯ ᠤᠨ ᠪᠤᠭᠤᠮᠳᠠ ᠶᠢ ᠰᠢᠪᠲᠤᠯᠵᠤ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠳᠦᠬᠡᠨ ᠪᠠᠶᠢᠭᠤᠯᠬᠤ ᠳᠤ ᠣᠯᠤᠭᠰᠠᠨ ᠪᠠᠰᠠ ᠨᠢᠭᠡᠨ ᠪᠡᠯᠭᠡ ᠳᠡᠮᠳᠡᠭ ᠤᠨ ᠴᠢᠨᠠᠷᠲᠠᠢ ᠦᠷ᠎ᠡ ᠪᠦᠲᠦᠭᠡᠯ ᠪᠣᠯᠵᠠᠢ᠂ ᠮᠠᠨ ᠤ ᠤᠯᠤᠰ ᠤᠨ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠢᠬᠤᠯᠠ ᠬᠥᠰᠢ᠊ ᠡᠶ᠎ᠡ ᠲᠡᠮᠳᠡᠭ ᠪᠣᠯᠤᠨ᠎ᠠ᠃ 20 ᠵᠢᠯ ᠤᠨ ᠲᠤᠷᠰᠢ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠬᠦᠷᠢᠶᠡᠨ ᠳᠤ ᠦᠷᠭᠦᠯᠵᠢᠯᠡᠨ ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠤ ᠢᠯᠡᠷᠡᠭᠦᠯᠦᠯᠲᠡ᠂ ᠮᠡᠷᠭᠡᠵᠢᠯ ᠤᠨ ᠰᠢᠨ᠎ᠡ ᠡᠭᠦᠳᠦᠯᠲᠡ᠂ ᠢᠨᠵᠧᠨᠧᠷᠢᠩ ᠤᠨ ᠦᠢᠯᠡᠳᠦᠯᠭᠡ᠂ ᠦᠷ᠎ᠡ ᠪᠦᠲᠦᠭᠡᠯ ᠤᠨ ᠤᠨᠳᠤᠤᠰᠢᠭᠤᠯᠤᠯᠳᠠ᠂ ᠤᠯᠠᠨ ᠤᠯᠤᠰ ᠤᠨ ᠬᠠᠮᠲᠤᠷᠠᠯᠴᠠᠭ᠎ᠠ ᠵᠡᠷᠭᠡ ᠲᠠᠯ᠎ᠠ ᠪᠠᠷ ᠪᠠᠶᠠᠯᠢᠭ ᠦᠷ᠎ᠡ ᠪᠦᠲᠦᠭᠡᠯ ᠣᠯᠵᠤ᠂ ᠨᠢᠭᠡᠨ ᠴᠢᠨᠠᠷ ᠰᠠᠶᠢᠳᠠᠢ᠂ ᠦᠨᠳᠤᠷ ᠦᠷ᠎ᠠ ᠠᠰᠢᠭ ᠪᠦᠬᠦᠢ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠵᠠᠮ ᠢ ᠨᠡᠭᠡᠭᠡᠵᠦ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠬᠥᠭᠵᠢᠯᠲᠡ᠂ ᠬᠥᠮᠦᠨ ᠲᠥᠷᠥᠯᠬᠢᠲᠡᠨ ᠤ ᠰᠠᠨᠰᠠᠷ ᠣᠭᠲᠠᠷᠭᠤᠢ ᠶᠢ ᠬᠠᠶᠢᠨ ᠰᠦᠪᠡᠭᠴᠢᠯᠡᠬᠦ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠡᠢ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠨᠡᠯᠦᠭᠡᠷ ᠶᠡᠭᠡ ᠣᠷᠴᠢᠯᠠᠩ ᠢ ᠬᠠᠶᠢᠨ ᠰᠦᠪᠡᠭᠴᠢᠯᠡᠵᠦ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠪᠣᠯ ᠪᠢᠳᠡᠨ ᠤ ᠴᠥᠬᠦᠷᠡᠰᠢ ᠦᠭᠡᠢ ᠬᠥᠭᠡᠭᠡᠴᠡᠯᠳᠦᠵᠦ ᠪᠠᠶᠢᠭ᠎ᠠ ᠰᠠᠨᠰᠠᠷ ᠤᠨ ᠠᠶᠠᠯᠠᠯ ᠤᠨ ᠵᠡᠭᠦᠳᠦ ᠮᠥᠨ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠦᠶ᠎ᠡ ᠦᠶ᠎ᠡ ᠶᠢᠨ ᠰᠠᠨᠰᠠᠷ ᠤᠨ ᠠᠶᠠᠯᠠᠯ ᠤᠨ ᠠᠵᠢᠯᠲᠠᠳ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠠᠨᠰᠠᠷ ᠤᠨ ᠠᠶᠠᠯᠠᠯ ᠤᠨ ᠦᠢᠯᠡᠰ ᠦᠯᠦ ᠪᠠᠶᠢᠭᠰᠠᠨ ᠠᠴᠠ ᠪᠠᠨ ᠪᠠᠶᠢᠬᠤ ᠪᠤᠯᠵᠤ᠂ ᠪᠠᠭᠤᠷᠠᠢ ᠪᠠᠶᠢᠭᠰᠠᠨ ᠠᠴᠠ ᠪᠠᠨ ᠬᠦᠴᠦᠷᠬᠡᠭ ᠪᠣᠯᠬᠤ ᠶᠢ ᠠᠬᠢᠭᠤᠯᠵᠤ᠂ ︽ᠵᠢᠷᠤᠭ ᠲᠥᠯᠥᠪᠯᠡᠭᠡ ᠪᠠᠷ ᠬᠦᠰᠡᠯ ᠵᠡᠭᠦᠳᠦ ᠪᠠᠨ ᠵᠢᠷᠤᠭᠯᠠᠵᠤ︾ ᠪᠠᠶᠢᠭᠰᠠᠨ ᠠᠴᠠ ᠪᠠᠨ ︽ᠲᠡᠮᠡᠴᠡᠵᠦ ᠬᠦᠰᠡᠯ ᠵᠡᠭᠦᠳᠦ ᠪᠠᠨ ᠳᠡᠷᠭᠡᠯᠰᠢᠭᠦᠯᠬᠦ︾ ᠪᠤᠯᠵᠤ᠂ ᠲᠡᠦᠬᠡᠲᠦ ᠴᠢᠨᠠᠷᠲᠠᠢ᠂ ᠴᠢᠨᠠᠷ ᠰᠠᠶᠢᠲᠠᠢ᠂ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠦ ᠴᠢᠬᠤᠯᠠᠴᠢᠯᠠᠪᠠ᠃   ᠰᠢ ᠶᠢᠨ ᠫᠢᠩ᠂ ᠭᠠᠳᠠᠷ ᠲᠠᠪᠬᠤᠷᠭ᠎ᠠ ᠶᠢᠨ ᠣᠭᠲᠠᠷᠭᠤᠢ ᠪᠣᠯ ᠬᠥᠮᠦᠨ ᠲᠥᠷᠥᠯᠬᠢᠲᠡᠨ ᠤ ᠬᠠᠮᠲᠤ ᠶᠢᠨ ᠨᠤᠳᠤᠭ ᠲᠡᠪᠢᠰᠭᠡᠷ ᠮᠥᠨ᠂ ᠤᠭᠲᠠᠷᠭᠤᠢ ᠶᠢᠨ ᠬᠠᠶᠢᠨ ᠰᠦᠪᠡᠭᠴᠢᠯᠡᠯᠳᠠ ᠪᠣᠯ ᠬᠥᠮᠦᠨ ᠲᠥᠷᠥᠯᠬᠢᠲᠡᠨ ᠤ ᠬᠠᠮᠲᠤ ᠶᠢᠨ ᠦᠢᠯᠡᠰ ᠮᠥᠨ᠃ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠨᠢ ᠢᠮᠠᠭᠲᠠ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ᠂ ᠨᠠᠶᠢᠷᠠᠮᠳᠠᠯ ᠢᠶᠠᠷ ᠠᠰᠢᠭᠯᠠᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠵᠠᠷᠴᠢᠮ ᠢ ᠪᠠᠷᠢᠮᠲᠠᠯᠠᠵᠤ᠂ ︽ᠴᠠᠩ ᠧ︾ ᠪᠣᠯ ᠳᠤᠮᠳᠠᠳᠤ ᠤᠯᠤᠰ ᠤᠨ ᠬᠢ ᠪᠥᠭᠡᠳ ᠪᠦᠬᠦ ᠬᠥᠮᠦᠨ ᠲᠥᠷᠥᠯᠬᠢᠲᠡᠨ ᠤ ᠬᠢ ᠶᠤᠮ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠮᠲᠤᠷᠠᠯᠴᠠᠭ᠎ᠠ ᠳᠤ ᠥᠷᠭᠡᠨ ᠠᠭᠤᠳᠠᠮ ᠲᠠᠪᠴᠠᠩ ᠬᠠᠩᠭᠠᠵᠤ᠂ ᠪᠦᠬᠦ ᠪᠥᠮᠪᠥᠷᠴᠡᠭ ᠤᠨ ᠭᠦᠨ ᠣᠭᠲᠠᠷᠭᠤᠢ ᠳᠤ ᠬᠠᠶᠢᠨ ᠰᠦᠪᠡᠭᠴᠢᠯᠡᠯᠳᠡ ᠬᠢᠬᠦ ᠳᠤ ᠳᠤᠮᠳᠠᠳᠤ ᠤᠯᠤᠰ ᠤᠨ ᠤᠶᠤᠨ ᠤᠬᠠᠭᠠᠨ ᠪᠣᠯᠤᠨ ᠳᠤᠮᠳᠠᠳᠤ ᠤᠯᠤᠰ ᠤᠨ ᠬᠦᠴᠦᠨ ᠴᠢᠳᠠᠯ ᠢ ᠨᠡᠮᠡᠷᠢᠯᠡᠬᠦ ᠬᠡᠷᠡᠭᠳᠡᠢ᠃ ᠪᠢᠳᠡ ᠦᠷᠭᠦᠯᠵᠢᠯᠡᠨ ᠬᠡᠬᠦᠳᠡᠭ ᠴᠡᠭᠡᠵᠢ ᠪᠠᠨ ᠠᠭᠤᠵᠢᠭᠤ ᠴᠢᠯᠦᠭᠡᠳᠡᠢ ᠪᠠᠶᠢᠯᠭᠠᠵᠤ᠂ ᠤᠯᠠᠨ ᠵᠦᠢᠯ ᠤᠨ ᠬᠡᠯᠪᠡᠷᠢ ᠶᠢᠨ ᠰᠠᠨᠰᠠᠷ ᠤᠨ ᠠᠶᠠᠯᠠᠯ ᠤᠨ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠡᠯ᠎ᠡ ᠤᠯᠤᠰ ᠯᠤᠭ᠎ᠠ ᠬᠥᠭᠵᠢᠯᠲᠡ ᠶᠢᠨ ᠦᠷ᠎ᠡ ᠪᠦᠲᠦᠭᠡᠯ ᠢᠶᠠᠨ ᠬᠤᠪᠢᠶᠠᠯᠴᠠᠨ ᠡᠳ᠋ᠯᠡᠵᠦ᠂ ᠰᠠᠨᠰᠠᠷ ᠣᠭᠲᠠᠷᠭᠤᠢ ᠶᠢᠨ ᠵᠠᠰᠠᠯᠲᠠ ᠶᠢ ᠲᠡᠭᠦᠯᠳᠡᠷᠵᠢᠭᠦᠯᠦᠨ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠷ ᠬᠥᠮᠦᠨ ᠲᠥᠷᠥᠯᠬᠢᠲᠡᠨ ᠳᠤ ᠨᠡᠩ ᠰᠠᠶᠢᠨ ᠪᠤᠶᠠᠨ ᠦᠢᠯᠡᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠰᠠᠨᠰᠠᠷ ᠣᠭᠲᠠᠷᠭᠤᠢ ᠶᠢ ᠬᠠᠶᠢᠨ ᠰᠦᠪᠡᠭᠴᠢᠯᠡᠬᠦ ᠠᠵᠢᠯ ᠡᠭᠦᠷᠢᠳᠡ ᠵᠤᠬᠰᠤᠰᠢ ᠦᠭᠡᠢ ᠶᠤᠮ᠃ ᠰᠠᠨᠰᠠᠷ ᠤᠨ ᠠᠶᠠᠯᠠᠯ ᠤᠨ ᠹᠷᠣᠨᠲ ᠤᠨ ᠨᠥᠬᠦᠳ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠠᠷᠠᠨ ᠪᠥᠮᠪᠥᠷᠴᠡᠭ ᠤᠨ ᠵᠠᠭᠪᠤᠷ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠨᠢᠮᠪᠠᠢ ᠥᠷᠨᠢᠭᠦᠯᠵᠦ᠂ ᠭᠦᠨ ᠣᠭᠲᠠᠷᠭᠤᠢ ᠶᠢᠨ ᠬᠠᠶᠢᠨ ᠬᠡᠮᠵᠢᠯᠲᠡ ᠵᠡᠷᠭᠡ ᠰᠠᠨᠰᠠᠷ ᠤᠨ ᠠᠶᠠᠯᠠᠯ ᠤᠨ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠣᠭᠲᠠᠷᠭᠤᠢ ᠶᠢᠨ ᠰᠢᠨᠵᠢᠯᠡᠬᠦ ᠤᠬᠠᠭᠠᠨ᠂ ᠣᠭᠲᠠᠷᠭᠤᠢ ᠶᠢᠨ ᠮᠡᠷᠭᠡᠵᠢᠯ᠂ ᠣᠭᠲᠠᠷᠭᠤᠢ ᠶᠢᠨ ᠬᠡᠷᠡᠭᠯᠡᠭᠡᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃   ᠲᠠᠷᠠᠭ᠎ᠠ ᠨᠢ᠂ ᠰᠢ ᠶᠢᠨ ᠫᠢᠩ ᠨᠡᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ ᠬᠦᠷᠴᠦ᠂ ᠰᠠᠷᠠᠨ ᠪᠥᠮᠪᠥᠷᠴᠡᠭ ᠤᠨ ᠦᠯᠢᠭᠡᠷ ᠶᠠᠩᠵᠤ ᠪᠣᠯᠤᠨ ︽ᠵᠢᠦ ᠲᠢᠶᠠᠨ ᠯᠠᠨ ᠶᠤᠸᠠᠢ · ᠰᠠᠷᠠᠨ ᠪᠥᠮᠪᠥᠷᠴᠡᠭ ᠢ ᠬᠠᠶᠢᠬᠤ ᠢᠨᠵᠧᠨᠧᠷᠢᠩ ᠤᠨ ᠬᠤᠷᠢᠨ ᠵᠢᠯ︾ ᠤᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃   ᠯᠢ ᠭᠠᠨ ᠵᠢᠶᠧ᠂ ᠯᠢ ᠱᠣ᠋ ᠯᠸᠢ᠂ ᠵᠠᠩ ᠵᠢᠤ ᠰᠢᠶᠠ᠂ ᠵᠠᠩ ᠭᠦᠸᠧ ᠴᠢᠩ᠂ ᠦ᠋ ᠵᠧᠩ ᠯᠦᠩ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃   ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠢ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠮᠠᠨ ᠤ ᠤᠯᠤᠰ ᠤᠨ ᠠᠵᠤ ᠠᠬᠤᠶ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠵᠦ ᠪᠠᠶᠢᠭᠠᠳ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠃ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠲᠡᠦᠬᠡᠨ ᠳᠡᠭᠡᠷᠡᠬᠢ ᠣᠳᠣ ᠪᠣᠯᠲᠠᠯᠠᠬᠢ ᠮᠡᠷᠭᠡᠵᠢᠯ ᠢᠶᠠᠷ ᠬᠠᠮᠤᠭ ᠤᠨ ᠥᠨᠳᠥᠷ ᠰᠠᠷᠠᠨ ᠪᠥᠮᠪᠥᠷᠴᠡᠭ ᠢ ᠬᠠᠶᠢᠨ ᠬᠡᠮᠵᠢᠬᠦ ᠡᠭᠦᠷᠭᠡ ᠪᠣᠯᠤᠭᠰᠠᠨ ᠤ ᠬᠤᠪᠢ ᠳᠤ᠂ ᠴᠠᠩ ᠧ ᠵᠢᠷᠭᠤᠳᠤᠭᠠᠷ ᠬᠥᠮᠦᠨ ᠲᠥᠷᠥᠯᠬᠢᠲᠡᠨ ᠤ ᠲᠡᠦᠬᠡᠨ ᠳᠡᠭᠡᠷ᠎ᠡ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠠᠪᠴᠤ ᠪᠤᠴᠠᠬᠤ ᠶᠢ ᠪᠡᠶᠡᠯᠡᠭᠦᠯᠵᠦ᠂ ᠢᠷᠡᠭᠡᠳᠦᠶ ᠳᠤ ᠮᠠᠨ ᠤ ᠤᠯᠤᠰ ᠤᠨ ᠰᠠᠷᠠᠨ ᠪᠥᠮᠪᠥᠷᠴᠡᠭ ᠪᠠ ᠭᠠᠷᠠᠭ ᠣᠳᠣ ᠶᠢ ᠬᠠᠶᠢᠨ ᠬᠡᠮᠵᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 23 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号