ᠰᠢ ᠶᠢᠨ ᠫᠢᠩ ᠳ᠋ᠢᠰᠠᠨᠠᠶᠠᠺ ᠤᠨ ᠰᠷᠢ ᠯᠠᠨᠺᠠ ᠶᠢᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/9/24
   9 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠨᠦ᠋ᠯᠠ · ᠳ᠋ᠢᠰᠠᠨᠠᠶᠠᠺ ᠲᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠥᠬᠦᠳᠡ ᠨᠠᠶᠢᠷᠠᠮᠳᠠᠬᠤ ᠠᠷᠠᠳᠴᠢᠯᠠᠭᠰᠠᠨ ᠨᠡᠶᠢᠭᠡᠮ ᠵᠢᠷᠤᠮᠲᠤ ᠰᠷᠢ ᠯᠠᠨᠺᠠ ᠤᠯᠤᠰ ᠤᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃   ᠰᠢ ᠶᠢᠨ ᠫᠢᠩ᠂ ᠳᠤᠮᠳᠠᠳᠤ ᠤᠯᠤᠰ ᠪᠣᠯᠤᠨ ᠰᠷᠢ ᠯᠠᠨᠺᠠ ᠪᠣᠯ ᠤᠯᠠᠮᠵᠢᠯᠠᠯᠲᠤ ᠨᠥᠬᠦᠷᠰᠡᠭ ᠬᠥᠷᠰᠢ ᠤᠯᠤᠰ ᠮᠥᠨ᠃ ᠳᠤᠮᠳᠠᠳᠤ ᠰᠷᠢ ᠯᠠᠨᠺᠠ ᠬᠠᠷᠢᠯᠴᠠᠭ᠎ᠠ ᠪᠠᠶᠢᠭᠤᠯᠤᠭᠰᠠᠨ 67 ᠵᠢᠯ ᠤᠨ ᠲᠤᠷᠰᠢ᠂ ᠬᠤᠶᠠᠷ ᠤᠯᠤᠰ ᠢᠮᠠᠭᠲᠠ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠲᠡᠮᠵᠢᠵᠥ᠂ ᠠᠳᠠᠯᠢ ᠪᠤᠰᠤ ᠶᠡᠭᠡ ᠪᠠᠭ᠎ᠠ ᠤᠯᠤᠰ ᠤᠨ ᠬᠤᠭᠤᠷᠣᠨᠳᠣᠬᠢ ᠨᠥᠬᠦᠷᠰᠡᠭ ᠶᠠᠪᠤᠯᠴᠠᠭ᠎ᠠ᠂ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ᠃ ᠪᠢ ᠳᠤᠮᠳᠠᠳᠤ ᠰᠷᠢ ᠯᠠᠨᠺᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ ᠴᠢᠷᠮᠠᠶᠢᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠳᠤᠮᠳᠠᠳᠤ ᠰᠷᠢ ᠯᠠᠨᠺᠠ ᠶᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠵᠤ᠂ ᠳᠤᠮᠳᠠᠳᠤ ᠰᠷᠢ ᠯᠠᠨᠺᠠ ᠶᠢᠨ ᠦᠨᠡᠨᠴᠢ ᠬᠠᠷᠢᠯᠴᠠᠨ ᠬᠠᠪᠰᠤᠷᠤᠯᠴᠠᠬᠤ᠂ ᠦᠶ᠎ᠡ ᠶᠢᠨ ᠦᠶ᠎ᠡ ᠳᠡᠭᠡᠨ ᠨᠥᠬᠦᠷᠰᠡᠭ ᠪᠠᠶᠢᠬᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠠᠵᠠ ᠵᠢᠷᠭᠠᠯ ᠤᠯᠭᠤᠨ᠎ᠠ ᠭᠡᠵᠦ ᠵᠢᠭᠠᠵᠤ ᠭᠠᠷᠭᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 23 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号