ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠭᠡ ᠬᠡᠷᠡᠭ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/9/26
   ( 4 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ )    4 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠲᠥᠪ ᠤᠨ ᠤᠬᠠᠭᠤᠯᠬᠤ ᠬᠡᠯᠲᠡᠰ ᠲᠤ ᠬᠦᠷᠴᠦ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠵᠣᠯᠭᠠᠭᠤᠯᠪᠠ᠃    4 ᠰᠠᠷ᠎ᠠ ᠶᠢᠨ 12 ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠱᠧᠨᠵᠧᠨ ᠤ ᠢ ᠷᠦᠢ ᠠᠮᠢᠳᠤ ᠪᠣᠳᠠᠰ ᠤᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠢ ᠷᠦᠢ ᠠᠮᠢᠳᠤ ᠪᠣᠳᠠᠰ ᠤᠨ ᠰᠢᠯᠭᠠᠨ ᠪᠠᠶᠢᠴᠠᠭᠠᠯᠲᠠ ᠶᠢᠨ ᠰᠢᠨ᠎ᠡ ᠶᠢ ᠡᠭᠦᠳᠬᠦ ᠲᠥᠪ ᠤᠨ ᠬᠠᠮᠲᠤᠷᠠᠯᠴᠠᠭᠠᠨ ᠤ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃    4 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠵᠣᠯᠭᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃    4 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠡᠮᠦᠨ᠎ᠡ ᠭᠤᠷᠪᠠᠨ ᠰᠤᠮᠤ︾ ᠶᠢᠨ ᠵᠠᠰᠠᠯᠲᠠ ᠶᠢᠨ ᠣᠷᠣᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠭᠤᠯᠪᠠ᠃    4 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠴᠢᠬᠤᠯᠠ ᠶᠡᠭᠡ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠣᠭᠢᠷᠠᠭᠤᠯᠪᠠ᠃    4 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠲᠤ ᠲᠥᠪ ᠤᠨ ᠤᠬᠠᠭᠤᠯᠬᠤ ᠬᠡᠯᠲᠡᠰ ᠤᠨ ᠰᠠᠨᠠᠭᠠᠴᠢᠯᠠᠭ᠎ᠠ ᠳᠤ ᠣᠷᠣᠯᠴᠠᠵᠤ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠡᠷᠬᠢᠯᠡᠭᠰᠡᠨ ᠨᠡᠶᠢᠭᠡᠮ ᠤᠨ ᠬᠦᠴᠦᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠵᠢᠯᠴᠠᠭ᠎ᠠ ᠶᠢᠨ ᠬᠤᠷᠠᠯ ᠳᠤ ᠬᠦᠴᠦᠨ ᠨᠡᠮᠡᠷᠢᠯᠡᠪᠡ᠃ ᠲᠥᠪ ᠤᠨ ᠪᠠ ᠲᠥᠷᠥ ᠶᠢᠨ ᠪᠠᠶᠢᠭᠤᠯᠭ᠎ᠠ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 20 ᠭᠠᠷᠤᠢ ᠲᠥᠯᠥᠭᠡᠯᠡᠭᠴᠢ ᠬᠤᠷᠠᠯ ᠳᠤ ᠣᠷᠣᠯᠴᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ 2000 ᠭᠠᠷᠤᠢ ᠲᠦᠮᠡᠨ ᠲᠥᠭᠦᠷᠢᠭ ᠤᠨ ᠲᠥᠷᠥᠯ ᠵᠦᠢᠯ ᠬᠠᠨᠳᠢᠪᠯᠠᠪᠠ᠃    4 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ︽ᠲᠠᠪᠤᠨ ᠶᠡᠭᠡ ᠡᠭᠦᠷᠭᠡ︾ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃            ( 5 ᠳ᠋ᠤᠭᠠᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ )    5 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠰᠢᠭᠤᠨ ᠤ ᠵᠠᠰᠠᠭ ᠤᠨ ᠣᠷᠳᠣᠨ ᠤ 2024 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    5 ᠰᠠᠷ᠎ᠠ ᠶᠢᠨ 10 ᠤ ᠡᠳᠦᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ︽ᠮᠣᠩᠭᠤᠯ ᠮᠣᠷᠢᠨ ᠤ ᠵᠣᠷᠢᠭ ᠰᠠᠨᠠᠭ᠎ᠠ︾ ᠥᠪᠥᠷ ᠮᠣᠩᠭᠤᠯ ᠤᠨ ᠤᠷᠠᠨ ᠵᠢᠷᠤᠭ ᠭᠡᠷᠡᠯ ᠵᠢᠷᠤᠭ ᠤᠨ ᠪᠦᠲᠦᠭᠡᠯ ᠤᠨ ᠦᠵᠡᠰᠬᠦᠯᠡᠩ ᠬᠢᠪᠡ᠃    5 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    5 ᠰᠠᠷ᠎ᠠ ᠶᠢᠨ 14 ᠤ ᠡᠳᠦᠷ᠂ ᠪᠡᠭᠡᠵᠢᠩ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    5 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠲᠠᠪᠴᠠᠩ ᠤᠨ ᠬᠤᠳᠠᠯᠳᠤᠭᠠᠨ ᠤ ᠬᠤᠲᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    5 ᠳ᠋ᠤᠭᠠᠷ ᠰᠠᠷ᠎ᠠ ᠶᠢᠨ 22 - 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠱᠢ ᠳ᠋ᠧ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠪᠥᠭᠡᠳ ᠶᠠᠷᠢᠯᠴᠠᠬᠤ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠦᠭᠡ ᠬᠡᠯᠡᠪᠡ᠃    5 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠣ᠋ ᠪᠦᠯᠬᠦᠮ ᠳᠠᠭᠠᠭᠤᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    5 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    5 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠵᠣᠣ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠬᠤᠶᠠᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠪᠡ᠃    5 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠠᠪᠴᠠᠩ ᠤᠨ ᠠᠵᠢᠯ ︵ᠪᠣᠯᠪᠠᠰᠤᠷᠠᠯ︶ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃    5 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠴᠢᠨ ᠬᠤᠸᠠ ᠵᠧᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃    5 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠵᠣᠯᠭᠠᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠲᠤ ᠶᠠᠷᠢᠯᠴᠠᠬᠤ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠬᠠᠶᠢᠳᠢᠶᠠᠨ ᠲᠣᠭᠤᠷᠢᠭ ᠤᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶᠠᠨ ᠤ ᠳᠡᠳ᠋ ᠳᠠᠷᠤᠭ᠎ᠠ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠰᠢᠶᠠᠩ ᠵᠢᠩ ᠶᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠷᠠᠯ ᠳᠤ ᠣᠷᠣᠯᠴᠠᠪᠠ᠃   ( 6 ᠳ᠋ᠤᠭᠠᠷ ᠰᠠᠷ᠎ᠠ ᠶᠢᠨ 1 ᠤ ᠡᠳᠦᠷ ᠠᠴᠠ 6 ᠳ᠋ᠤᠭᠠᠷ ᠰᠠᠷ᠎ᠠ ᠶᠢᠨ 30 ᠤ ᠡᠳᠦᠷ)     6 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠳᠥᠷᠪᠡ ᠶᠢ ᠴᠠᠭᠠᠵᠠᠯᠠᠬᠤ︾ ᠠᠵᠢᠯ ᠵᠢᠴᠢ ᠬᠠᠤᠯᠢ ᠲᠣᠭᠲᠠᠭᠠᠯ ᠠᠴᠠ ᠵᠥᠷᠢᠴᠡᠭᠰᠡᠨ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃    6 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃    6 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢ᠊ ᠡᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    6 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ ᠤᠯᠠᠮ ᠨᠢᠭᠡ ᠠᠯᠬᠤᠮ ᠪᠠᠶᠢᠷᠢᠯᠠᠭᠤᠯᠤᠯᠲᠠ ᠬᠢᠪᠡ᠃    6 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠾᠧᠦ ᠶᠠᠨ ᠬᠤᠢ ᠨᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠪᠰᠤᠷᠤᠨ ᠲᠡᠳᠬᠦᠬᠦ ᠴᠡᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃    6 ᠰᠠᠷ᠎ᠠ ᠶᠢᠨ 24 ᠤ ᠡᠳᠦᠷ᠂ ᠪᠦᠬᠦ ᠠᠶᠢᠮᠠᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃    6 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠦᠬᠦ ᠬᠤᠰᠢᠭᠤᠨ ᠤ ᠬᠤᠣᠷ ᠴᠠᠭᠠᠵᠠᠯᠠᠬᠤ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号