ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ︽ᠳᠤᠬᠤᠮ 500 ᠺᠢᠯᠣᠸᠠᠲ ᠤᠨ ᠰᠢᠨ᠎ᠡ ᠡᠨᠧᠷᠭᠢ ᠶᠢ ᠴᠤᠭᠯᠠᠭᠤᠯᠤᠨ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠢᠨᠵᠧᠨᠧᠷᠢᠩ ᠢ ᠲᠠᠲᠠᠪᠤᠷᠢᠯᠠᠬᠤ ᠨᠥᠬᠦᠪᠥᠷᠢ ᠲᠥᠪᠬᠢᠨᠡᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ | ᠲᠤᠬᠠᠢ ᠮᠡᠳᠡᠭᠳᠡᠯ | | | | ᠲᠦᠯᠢᠶᠡᠮᠤᠳᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ᠄ | ᠬᠤᠰᠢᠭᠤᠨ ᠤ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠳᠤᠬᠤᠮ 500 ᠺᠢᠯᠣᠸᠠᠲ ᠤᠨ ᠰᠢᠨ᠎ᠡ | ᠡᠨᠧᠷᠭᠢ ᠶᠢ ᠴᠤᠭᠯᠠᠭᠤᠯᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠨᠢ ᠲᠦᠯᠢᠶᠡᠮᠤᠳᠤ | ᠪᠠᠯᠭᠠᠰᠤᠨ ᠤ ᠬᠥᠨᠳᠡᠯᠡᠨ ᠭᠠᠴᠠᠭ᠎ᠠ ᠶᠢᠨ ᠬᠠᠮᠲᠤ ᠶᠢᠨ ᠭᠠᠵᠠᠷ ᠰᠢᠷᠣᠢ ᠶᠢ ᠤᠯᠤᠰ ᠤᠨ ᠥᠮᠴᠢᠯᠡᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠤᠭᠠᠳ ᠨᠥᠬᠦᠪᠥᠷᠢ ᠥᠭᠴᠦ ᠲᠥᠪᠬᠢᠨᠡᠭᠦᠯᠬᠦ ᠲᠥᠰᠦᠯ︾ | ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | 2024 ᠣᠨ ᠤ 5 ᠰᠠᠷ᠎ᠠ ᠶᠢᠨ 31 ᠤ ᠡᠳᠦᠷ ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ ᠳᠤᠬᠤᠮ | 500 ᠺᠢᠯᠤᠸᠤᠯᠲ ᠤᠨ ᠰᠢᠨ᠎ᠡ ᠡᠨᠧᠷᠭᠢ ᠴᠤᠭᠯᠠᠭᠤᠯᠬᠤ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ | ᠢᠨᠵᠧᠨᠧᠷᠢᠩ ᠢ ᠲᠠᠲᠠᠪᠤᠷᠢᠯᠠᠬᠤ ᠨᠥᠬᠦᠪᠥᠷᠢ ᠲᠥᠪᠬᠢᠨᠡᠭᠦᠯᠬᠦ ᠲᠥᠰᠦᠯ ᠳᠤᠬᠤᠮ 500 ᠺᠢᠯᠣᠸᠠᠲ ᠤᠨ ᠰᠢᠨ᠎ᠡ | ᠡᠨᠧᠷᠭᠢ ᠶᠢᠨ ᠡᠮᠬᠢᠳᠬᠡᠯ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠨᠡᠶᠢᠭᠡᠮ ᠤᠨ | ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ᠂ ᠭᠠᠵᠠᠷ ᠰᠢᠷᠣᠢ ᠶᠢᠨ ᠣᠳᠣᠬᠢ | ᠪᠠᠶᠢᠳᠠᠯ ᠢ ᠪᠠᠶᠢᠴᠠᠭᠠᠭᠰᠠᠨ ᠪᠠᠶᠢᠳᠠᠯ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ | ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ | ᠤᠶᠠᠯᠳᠤᠭᠤᠯᠤᠨ᠂ ᠲᠤᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠲᠠᠲᠠᠪᠤᠷᠢᠯᠠᠬᠤ ᠭᠠᠵᠠᠷ ᠣᠷᠣᠨ ᠬᠢᠭᠡᠳ ᠬᠡᠪᠴᠢᠶ᠎ᠡ | ᠲᠦᠯᠢᠶᠡᠮᠤᠳᠤ ᠪᠠᠯᠭᠠᠰᠤᠨ ᠤ ᠬᠦᠨᠳᠦᠯ ᠭᠠᠴᠠᠭᠠᠨ ᠤ ᠬᠢᠵᠠᠭᠠᠷ ᠲᠤ 8.4446 ᠾᠧᠺᠲ᠋ᠠᠷ᠃ | ᠬᠤᠶᠠᠷ᠂ ᠲᠠᠲᠠᠪᠤᠷᠢᠯᠠᠬᠤ ᠶᠢ ᠬᠡᠷᠡᠭᠵᠢᠭᠦᠯᠬᠦ ᠨᠢᠭᠡᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠷᠠᠳ ᠤᠨ ᠵᠠᠰᠠᠭ ᠤᠨ ᠣᠷᠳᠣᠨ᠃ | ᠭᠤᠷᠪᠠ᠂ ᠭᠠᠵᠠᠷ ᠰᠢᠷᠣᠢ ᠲᠠᠲᠠᠪᠤᠷᠢᠯᠠᠭᠰᠠᠨ ᠳᠤ ᠨᠥᠬᠦᠪᠥᠷᠢ ᠥᠭᠬᠦ ᠠᠷᠭ᠎ᠠ ᠲᠤᠰ ᠤᠳᠠᠭ᠎ᠠ ᠲᠠᠲᠠᠪᠤᠷᠢᠯᠠᠬᠤ ᠪᠠᠷ | ᠪᠠᠶᠢᠭ᠎ᠠ ᠭᠠᠵᠠᠷ ᠰᠢᠷᠣᠢ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ︾ ᠶᠢᠨ ᠳᠥᠴᠢᠨ ᠲᠠᠪᠤᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠳᠤ | ᠨᠡᠶᠢᠴᠡᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ᠂ ᠣᠯᠠᠨ | ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠳᠤ ᠨᠡᠶᠢᠴᠡᠨ᠎ᠡ᠃ ᠳᠤᠬᠤᠮ 500 ᠺᠢᠯᠣᠸᠠᠲ ᠤᠨ ᠰᠢᠨ᠎ᠡ | ᠡᠨᠧᠷᠭᠢ ᠶᠢᠨ ᠡᠮᠬᠢᠳᠬᠡᠯ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠠᠴᠠ ᠪᠣᠯᠵᠤ ᠭᠠᠴᠠᠭ᠎ᠠ ︵ | ᠲᠠᠷᠢᠶᠠᠯᠠᠩ᠂ ᠮᠠᠯᠴᠢᠳ︶ ᠶᠢᠨ ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠶᠢ ᠲᠠᠲᠠᠪᠤᠷᠢᠯᠠᠬᠤ ᠴᠢᠬᠤᠯᠠᠲᠠᠢ | ᠪᠠᠶᠢᠵᠤ᠂ ᠨᠢᠭᠡᠨᠲᠡ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ | ᠭᠠᠵᠠᠷ ᠰᠢᠷᠣᠢ ᠶᠢ ᠠᠰᠢᠭᠯᠠᠬᠤ ᠶᠡᠷᠦᠩᠬᠡᠢ ᠲᠥᠯᠥᠪᠵᠢᠭᠦᠯᠭᠡ ᠪᠠ ᠬᠤᠲᠠ ᠪᠠᠯᠭᠠᠰᠤᠨ ᠤ ᠶᠡᠷᠦᠩᠬᠡᠢ | ᠲᠥᠯᠥᠪᠵᠢᠭᠦᠯᠭᠡ ᠳᠤ ᠣᠷᠣᠭᠤᠯᠤᠭᠰᠠᠨ ᠪᠠᠶᠢᠨ᠎ᠠ᠃ | ᠳᠥᠷᠪᠡ᠂ ᠭᠠᠵᠠᠷ ᠲᠠᠲᠠᠪᠤᠷᠢᠯᠠᠭᠰᠠᠨ ᠳᠤ ᠨᠥᠬᠦᠪᠥᠷᠢ ᠥᠭᠬᠦ ᠪᠠᠷᠢᠮᠵᠢᠶ᠎ᠠ ᠲᠠᠷᠢᠶᠠᠯᠠᠩ ᠳᠤ ᠬᠡᠷᠡᠭᠯᠡᠬᠦ ᠭᠠᠵᠠᠷ ᠤᠨ | ᠨᠥᠬᠦᠪᠥᠷᠢ ᠶᠢᠨ ᠪᠠᠷᠢᠮᠵᠢᠶ᠎ᠠ ᠶᠢ ᠲᠠᠲᠠᠪᠤᠷᠢᠯᠠᠬᠤ ᠳᠤ ᠥᠪᠡᠷᠲᠡᠭᠡᠨ ᠵᠠᠰᠠᠬᠤ ᠣᠷᠣᠨ ᠤ ᠲᠠᠲᠠᠪᠤᠷᠢᠯᠠᠬᠤ ᠭᠠᠵᠠᠷ | ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠥᠪᠥᠷ ᠵᠠᠰᠠᠭ ᠠᠯᠪᠠᠨ | ᠲᠠᠷᠬᠠᠭᠠᠭᠰᠠᠨ ﹇2020﹈ 92 ᠳ᠋ᠤᠭᠠᠷ ᠲᠣᠭᠠᠲᠤ︶᠂ ︽ᠭᠠᠵᠠᠷ ᠲᠠᠲᠠᠪᠤᠷᠢᠯᠠᠬᠤ ᠣᠷᠣᠨ ᠤ ᠬᠡᠰᠡᠭ ᠤᠨ | ᠶᠡᠷᠦᠩᠬᠡᠶᠢᠯᠡᠭᠰᠡᠨ ᠭᠠᠵᠠᠷ ᠤᠨ ᠦᠨ᠎ᠡ ᠪᠠᠷ ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠭᠠᠳᠠᠨᠠᠬᠢ ᠪᠤᠰᠤᠳ ᠭᠠᠵᠠᠷ | ᠰᠢᠷᠣᠢ᠂ ᠬᠥᠬᠡ ᠴᠢᠬᠢ ᠪᠠ ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠨᠥᠬᠦᠪᠥᠷᠢ ᠶᠢᠨ ᠪᠠᠷᠢᠮᠵᠢᠶ᠎ᠠ ᠵᠢᠴᠢ ᠭᠠᠵᠠᠷ | ᠰᠢᠷᠣᠢ ᠶᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠢ ᠬᠤᠪᠢᠶᠠᠷᠢᠯᠠᠬᠤ ᠬᠠᠷᠢᠴᠠᠯ ᠤᠨ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ︾ | ︵ᠥᠪᠥᠷ ᠵᠠᠰᠠᠭ ᠦᠰᠦᠭ ﹇2020﹈ 77 ᠳ᠋ᠤᠭᠠᠷ ᠲᠣᠭᠠᠲᠤ︶ ᠶᠢ ᠬᠡᠷᠡᠭᠵᠢᠭᠦᠯᠵᠦ᠂ ᠭᠠᠵᠠᠷ ᠲᠠᠲᠠᠪᠤᠷᠢᠯᠠᠬᠤ | ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ Ⅱ ᠬᠡᠰᠡᠭ ᠲᠤ ᠬᠤᠯᠪᠣᠭᠳᠠᠪᠠᠯ᠂ 7.8585 | ᠾᠧᠺᠲ᠋ᠠᠷ ᠬᠠᠭᠤᠷᠠᠢ ᠭᠠᠵᠠᠷ ᠤᠨ ᠨᠥᠬᠦᠪᠥᠷᠢ ᠶᠢᠨ ᠪᠠᠷᠢᠮᠵᠢᠶ᠎ᠠ ᠨᠢ 35.7915 ᠲᠦᠮᠡᠨ ᠲᠥᠭᠦᠷᠢᠭ / ᠾᠧᠺᠲ᠋ᠠᠷ᠂ | 0.5141 ᠾᠧᠺᠲ᠋ᠠᠷ ᠲᠠᠷᠢᠶᠠᠨ ᠭᠠᠵᠠᠷ ᠤᠨ ᠺᠠᠨ ᠨᠥᠬᠦᠪᠥᠷᠢ ᠶᠢᠨ ᠪᠠᠷᠢᠮᠵᠢᠶ᠎ᠠ ᠨᠢ 14.3166 ᠲᠦᠮᠡᠨ | ᠲᠥᠭᠦᠷᠢᠭ / ᠾᠧᠺᠲ᠋ᠠᠷ᠂ 0.0720 ᠾᠧᠺᠲ᠋ᠠᠷ ᠬᠥᠳᠡᠭᠡ ᠲᠣᠰᠬᠤᠨ ᠤ ᠵᠠᠰᠠᠮᠠᠯ ᠵᠠᠮ ᠤᠨ ᠨᠥᠬᠦᠪᠥᠷᠢ ᠶᠢᠨ | ᠪᠠᠷᠢᠮᠵᠢᠶ᠎ᠠ ᠨᠢ 14.3166 ᠲᠦᠮᠡᠨ ᠲᠥᠭᠦᠷᠢᠭ / ᠾᠧᠺᠲ᠋ᠠᠷ ᠪᠣᠯᠤᠨ᠎ᠠ᠃ ᠭᠠᠵᠠᠷ ᠲᠠᠲᠠᠪᠤᠷᠢᠯᠠᠬᠤ ᠬᠡᠪᠴᠢᠶᠡᠨ | ᠳᠣᠲᠣᠷ᠎ᠠ ᠬᠥᠬᠡ ᠴᠢᠬᠢ᠂ ᠭᠠᠵᠠᠷ ᠳᠡᠭᠡᠷᠡᠬᠢ ᠳᠠᠭᠠᠯᠲᠠ ᠵᠦᠢᠯ ᠪᠠᠶᠢᠬᠤ ᠦᠭᠡᠢ᠃ ᠬᠥᠬᠡ ᠴᠢᠬᠢ᠂ ᠭᠠᠵᠠᠷ ᠳᠡᠭᠡᠷᠡᠬᠢ | ᠳᠠᠭᠠᠯᠲᠠ ᠪᠣᠳᠠᠰ ᠲᠤ ᠬᠤᠯᠪᠣᠭᠳᠠᠬᠤ ᠦᠬᠡᠢ᠃ ᠲᠠᠪᠤ᠂ ᠲᠥᠪᠬᠢᠨᠡᠭᠦᠯᠬᠦ ᠠᠷᠭ᠎ᠠ ᠮᠠᠶ᠋ᠢᠭ ᠲᠤᠰ ᠤᠳᠠᠭᠠᠨ ᠤ | ᠲᠠᠲᠠᠪᠤᠷᠢᠯᠠᠭᠰᠠᠨ ᠬᠠᠮᠲᠤ ᠶᠢᠨ ᠭᠠᠵᠠᠷ ᠰᠢᠷᠣᠢ ᠶᠢ ᠡᠷᠦᠬᠡ ᠳᠤ ᠳᠠᠭᠠᠭᠠᠴᠢᠯᠠᠭᠤᠯᠤᠭᠰᠠᠨ ᠦᠭᠡᠢ ᠪᠣᠯ ᠲᠥᠪᠬᠢᠨᠡᠭᠦᠯᠬᠦ | ᠲᠠᠷᠢᠶᠠᠯᠠᠩ ᠤᠨ ᠬᠥᠮᠦᠨ ᠠᠮᠠ ᠳᠤ ᠬᠤᠯᠪᠣᠭᠳᠠᠬᠤ ᠦᠭᠡᠢ ᠪᠥᠭᠡᠳ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ | ᠣᠯᠭᠤᠬᠤ ᠠᠷᠭ᠎ᠠ ᠮᠠᠶ᠋ᠢᠭ ᠢ ᠠᠪᠴᠤ ᠲᠥᠪᠬᠢᠨᠡᠭᠦᠯᠬᠦ ᠪᠠᠷ ᠲᠥᠯᠥᠪᠯᠡᠵᠦ ᠪᠤᠢ᠃ ᠵᠢᠷᠭᠤᠭ᠎ᠠ᠂ ᠨᠡᠶᠢᠭᠡᠮ ᠤᠨ | ᠪᠠᠲᠤᠯᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠳᠠᠲᠠᠢ ᠪᠠᠶᠢᠳᠠᠯ ᠢ ᠦᠨᠳᠦᠰᠦᠯᠡᠨ᠂ ᠭᠠᠵᠠᠷ | ᠰᠢᠷᠣᠢ ᠪᠠᠨ ᠲᠠᠲᠠᠪᠤᠷᠢᠯᠠᠭᠳᠠᠭᠰᠠᠨ ᠬᠠᠮᠲᠤ ᠨᠡᠶᠢᠲᠡ ᠪᠠ ᠮᠠᠯᠴᠢᠨ ᠲᠠᠷᠢᠶᠠᠴᠢᠨ ᠤ ᠱᠠᠭᠠᠷᠳᠠᠯᠭ᠎ᠠ ᠶᠣᠰᠣᠭᠠᠷ᠂ ᠭᠠᠵᠠᠷ | ᠲᠠᠲᠠᠪᠤᠷᠢᠯᠠᠭᠳᠠᠭᠰᠠᠨ ᠨᠥᠬᠦᠪᠥᠷᠢ ᠶᠢ ᠭᠠᠵᠠᠷ ᠢᠶᠠᠨ ᠲᠠᠲᠠᠪᠤᠷᠢᠯᠠᠭᠳᠠᠭᠰᠠᠨ ᠬᠠᠮᠲᠤ ᠨᠡᠶᠢᠲᠡ ᠪᠠ ᠮᠠᠯᠴᠢᠨ | ᠲᠠᠷᠢᠶᠠᠴᠢᠨ ᠳᠤ ᠰᠢᠭᠤᠳ ᠨᠢᠭᠡ ᠯᠡ ᠤᠳᠠᠭ᠎ᠠ ᠳᠤ ᠥᠭᠭᠦᠨ᠎ᠡ᠃ ᠬᠤᠰᠢᠭᠤ ᠰᠢᠶᠠᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠢᠨᠠᠨ ᠬᠠᠷᠭᠤᠭᠤᠯᠤᠭᠰᠠᠨ ᠢᠶᠠᠷ᠂ ︽ | ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ | ᠭᠠᠵᠠᠷ ᠢᠶᠠᠨ ᠲᠠᠲᠠᠪᠤᠷᠢᠯᠠᠭᠤᠯᠤᠭᠰᠠᠨ ᠮᠠᠯᠴᠢᠨ ᠲᠠᠷᠢᠶᠠᠴᠢᠨ ᠤ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠦᠨᠡᠨ ᠬᠦ | ᠰᠠᠶᠢᠲᠤᠷ ᠬᠢᠬᠦ ᠲᠤᠬᠠᠢ ᠬᠥᠳᠡᠯᠮᠦᠷᠢ ᠪᠠ ᠪᠠᠲᠤᠯᠠᠭ᠎ᠠ ᠶᠢᠨ ᠶᠠᠮᠤᠨ ᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ | ᠮᠡᠳᠡᠭᠳᠡᠯ︾ ︵ᠥᠪᠥᠷ ᠬᠥᠳᠡᠯᠮᠦᠷᠢ ᠨᠡᠶᠢᠭᠡᠮ ᠦᠰᠦᠭ ﹇2007﹈ 137 ᠳ᠋ᠤᠭᠠᠷ ᠲᠣᠭᠠᠲᠤ︶ ᠤᠨ ᠲᠣᠭᠲᠠᠭᠠᠯ | ᠶᠣᠰᠣᠭᠠᠷ᠂ ᠲᠤᠰ ᠲᠥᠷᠥᠯ ᠵᠦᠢᠯ ᠤᠨ ᠭᠠᠵᠠᠷ ᠰᠢᠷᠣᠢ ᠶᠢ ᠲᠠᠲᠠᠪᠤᠷᠢᠯᠠᠬᠤ ᠳᠤ ᠨᠡᠶᠢᠭᠡᠮ ᠤᠨ ᠳᠠᠭᠠᠳᠬᠠᠯ ᠢ | ᠲᠥᠪᠬᠢᠨᠡᠭᠦᠯᠬᠦ ᠲᠠᠷᠢᠶᠠᠯᠠᠩ ᠤᠨ ᠬᠥᠮᠦᠨ ᠠᠮᠠ ᠳᠤ ᠬᠤᠯᠪᠣᠭᠳᠠᠬᠤ ᠦᠭᠡᠢ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠵᠠᠯᠭᠠᠮᠵᠢ ᠠᠵᠢᠯ ᠢ ᠰᠠᠶᠢᠲᠤᠷ | ᠬᠢᠬᠦ ᠪᠠᠷ ᠠᠮᠠᠯᠠᠭᠰᠠᠨ ᠪᠠᠶᠢᠨ᠎ᠠ᠃ | ᠳᠣᠯᠤᠭ᠎ᠠ᠂ ᠪᠤᠰᠤᠳ ᠵᠦᠢᠯ | ︵ᠨᠢᠭᠡ︶ ᠬᠡᠯᠡᠯᠴᠡᠭᠡᠷ ᠲᠣᠭᠲᠠᠬᠤ ᠦᠶ᠎ᠡ ᠳᠤ ᠭᠡᠷ ᠪᠠᠶᠢᠰᠢᠩ ᠢᠶᠠᠨ ᠲᠠᠲᠠᠪᠤᠷᠢᠯᠠᠭᠤᠯᠤᠭᠴᠢ ᠨᠢ ︽ᠭᠠᠵᠠᠷ | ᠰᠢᠷᠣᠢ ᠬᠡᠷᠡᠭᠯᠡᠬᠦ ᠦᠨᠡᠮᠯᠡᠯ︾ ᠢᠶᠠᠨ ᠠᠪᠴᠤ ᠵᠢᠭᠠᠨ ᠲᠣᠭᠲᠠᠭᠠᠭᠰᠠᠨ ᠭᠠᠵᠠᠷ ᠲᠤ ᠬᠦᠷᠴᠦ ᠭᠠᠵᠠᠷ ᠰᠢᠷᠣᠢ | ᠲᠠᠲᠠᠪᠤᠷᠢᠯᠠᠬᠤ ᠠᠵᠢᠯᠲᠠᠨ ᠯᠤᠭ᠎ᠠ ︽ᠭᠠᠵᠠᠷ ᠰᠢᠷᠣᠢ ᠲᠠᠲᠠᠪᠤᠷᠢᠯᠠᠭᠰᠠᠨ ᠳᠤ ᠨᠥᠬᠦᠪᠥᠷᠢ ᠥᠭᠬᠦ ᠵᠥᠪᠳᠡᠯᠴᠡᠬᠡᠷ︾ | ᠲᠣᠭᠲᠠᠬᠤ ᠬᠡᠷᠡᠭᠲᠡᠢ᠃ ᠨᠥᠬᠦᠪᠥᠷᠢ ᠥᠭᠬᠦ ᠬᠡᠯᠡᠯᠴᠡᠭᠡᠷ ᠢ ᠲᠣᠭᠲᠠᠭᠠᠭᠰᠠᠨ ᠤ ᠳᠠᠷᠠᠭ᠎ᠠ᠂ ᠨᠢᠭᠡ ᠲᠠᠯ᠎ᠠ ᠶᠢᠨ | ᠲᠤᠬᠠᠢ ᠶᠢᠨ ᠬᠥᠮᠦᠨ ᠨᠢ ᠨᠥᠬᠦᠪᠥᠷᠢ ᠥᠭᠬᠦ ᠬᠡᠯᠡᠯᠴᠡᠭᠡᠷ ᠲᠤ ᠪᠣᠯᠵᠣᠨ ᠲᠣᠭᠲᠠᠭᠰᠠᠨ ᠡᠭᠦᠷᠭᠡ ᠪᠠᠨ ᠭᠦᠢᠴᠡᠳᠬᠡᠬᠦ | ᠦᠭᠡᠢ ᠪᠣᠯ ᠨᠥᠭᠦᠭᠡ ᠲᠠᠯ᠎ᠠ ᠶᠢᠨ ᠲᠤᠬᠠᠢ ᠶᠢᠨ ᠬᠥᠮᠦᠨ ᠬᠠᠤᠯᠢ ᠶᠣᠰᠣᠭᠠᠷ ᠵᠠᠷᠭᠤ ᠬᠢᠵᠦ ᠪᠣᠯᠤᠨ᠎ᠠ᠃ | ︵ᠬᠤᠶᠠᠷ︶ ᠭᠠᠵᠠᠷ ᠰᠢᠷᠣᠢ ᠲᠠᠲᠠᠪᠤᠷᠢᠯᠠᠬᠤ ᠰᠠᠯᠠᠭ᠎ᠠ ᠮᠥᠴᠢᠷ ᠨᠢ ᠲᠠᠲᠠᠪᠤᠷᠢᠯᠠᠭᠳᠠᠭᠰᠠᠨ ᠬᠥᠮᠦᠨ ᠯᠦᠭᠡ | ᠲᠠᠲᠠᠪᠤᠷᠢᠯᠠᠬᠤ ᠨᠥᠬᠦᠪᠥᠷᠢ ᠥᠭᠬᠦ ᠲᠥᠰᠦᠯ ᠳᠤ ᠲᠣᠭᠲᠠᠭᠠᠭᠰᠠᠨ ᠭᠡᠷ᠎ᠡ ᠲᠣᠭᠲᠠᠭᠰᠠᠨ ᠬᠤᠭᠤᠴᠠᠭᠠᠨ ᠳᠤ | ᠨᠥᠬᠦᠪᠥᠷᠢ ᠥᠭᠬᠦ ᠬᠡᠯᠡᠯᠴᠡᠭᠡᠷ ᠲᠣᠭᠲᠠᠵᠤ ᠴᠢᠳᠠᠬᠤ ᠦᠭᠡᠢ᠂ ᠡᠰᠡᠬᠦᠯ᠎ᠡ ᠲᠠᠲᠠᠪᠤᠷᠢᠯᠠᠭᠳᠠᠭᠰᠠᠨ ᠭᠠᠵᠠᠷ ᠰᠢᠷᠣᠢ ᠶᠢᠨ | ᠥᠮᠴᠢᠯᠡᠭᠴᠢ ᠨᠢ ᠲᠣᠳᠣᠷᠬᠠᠢ ᠦᠭᠡᠢ ᠪᠠᠶᠢᠪᠠᠯ᠂ ᠭᠠᠵᠠᠷ ᠰᠢᠷᠣᠢ ᠲᠠᠲᠠᠪᠤᠷᠢᠯᠠᠬᠤ ᠰᠠᠯᠠᠭ᠎ᠠ ᠮᠥᠴᠢᠷ ᠠᠴᠠ ᠭᠠᠵᠠᠷ | ᠰᠢᠷᠣᠢ ᠲᠠᠲᠠᠪᠤᠷᠢᠯᠠᠬᠤ ᠲᠣᠭᠲᠠᠭᠠᠯ ᠭᠠᠷᠭᠠᠭᠤᠯᠬᠤ ᠪᠠᠷ ᠮᠡᠳᠡᠭᠦᠯᠪᠡᠯ᠂ ᠬᠤᠰᠢᠭᠤᠨ ᠠᠷᠠᠳ ᠤᠨ ᠵᠠᠰᠠᠭ ᠤᠨ ᠣᠷᠳᠣᠨ | ᠲᠤᠰ ᠠᠷᠭ᠎ᠠ ᠶᠢᠨ ᠲᠣᠭᠲᠠᠭᠠᠯ ᠶᠣᠰᠣᠭᠠᠷ᠂ ᠲᠠᠲᠠᠪᠤᠷᠢᠯᠠᠭᠰᠠᠨ ᠨᠥᠬᠦᠪᠥᠷᠢ ᠥᠭᠬᠦ ᠲᠥᠰᠦᠯ ᠤᠨ ᠶᠣᠰᠣᠭᠠᠷ | ᠨᠥᠬᠦᠪᠥᠷᠢ ᠥᠭᠬᠦ ᠲᠣᠭᠲᠠᠭᠠᠯ ᠭᠠᠷᠭᠠᠬᠤ ᠶᠢᠨ ᠬᠠᠮᠲᠤ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ | ᠵᠠᠷᠯᠠᠨ ᠨᠡᠶᠢᠲᠡᠯᠡᠨ᠎ᠡ᠃ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠥᠮᠦᠨ ᠨᠢ ᠨᠥᠬᠦᠪᠥᠷᠢ ᠥᠭᠬᠦ ᠲᠣᠭᠲᠠᠭᠠᠯ ᠢ | ᠵᠥᠪᠰᠢᠶᠡᠷᠡᠬᠦ ᠦᠭᠡᠢ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠵᠤ | ᠪᠣᠯᠤᠨ᠎ᠠ᠂ ᠪᠠᠰᠠ ᠬᠠᠤᠯᠢ ᠶᠣᠰᠣᠭᠠᠷ ᠵᠠᠰᠠᠭ ᠵᠠᠬᠢᠷᠭᠠᠨ ᠤ ᠵᠠᠷᠭᠤ ᠬᠢᠭᠰᠡᠨ ᠴᠦ ᠪᠣᠯᠤᠨ᠎ᠠ᠃ | ︵ᠭᠤᠷᠪᠠ︶ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠥᠮᠦᠨ ᠬᠠᠤᠯᠢ ᠪᠠᠷ ᠲᠣᠭᠲᠠᠭᠠᠭᠰᠠᠨ ᠬᠤᠭᠤᠴᠠᠭᠠᠨ | ᠳᠣᠲᠣᠷ᠎ᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠦᠭᠡᠢ ᠪᠤᠶᠤ ᠵᠠᠰᠠᠭ ᠵᠠᠬᠢᠷᠭᠠᠨ ᠤ ᠵᠠᠷᠭᠤ | ᠬᠢᠬᠦ ᠦᠭᠡᠢ ᠪᠣᠯ ᠨᠥᠬᠦᠪᠥᠷᠢ ᠥᠭᠬᠦ ᠲᠣᠭᠲᠠᠭᠠᠯ ᠳᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠪᠠᠷᠢᠯᠭ᠎ᠠ | ᠪᠠᠷᠢᠬᠤ ᠶᠢ ᠨᠢ ᠬᠠᠷᠰᠢᠯᠠᠵᠤ ᠪᠠᠶᠢᠪᠠᠯ᠂ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠠᠯᠪᠠᠳᠠᠨ | ᠭᠦᠢᠴᠡᠳᠬᠡᠯᠭᠡᠬᠦ ᠪᠠᠷ ᠭᠤᠶᠤᠴᠢᠯᠠᠬᠤ ᠬᠡᠷᠡᠭᠲᠡᠢ᠃ | ︵ᠳᠥᠷᠪᠡ︶ ᠲᠤᠰ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠲᠠᠲᠠᠪᠤᠷᠢᠯᠠᠭᠳᠠᠭᠰᠠᠨ ᠭᠠᠵᠠᠷ | ᠰᠢᠷᠣᠢ ᠳᠤ ᠲᠦᠷᠢᠶᠡᠰᠦᠯᠡᠬᠦ ᠬᠠᠷᠢᠴᠠᠭ᠎ᠠ ᠣᠷᠣᠰᠢᠵᠤ ᠪᠠᠶᠢᠪᠠᠯ᠂ ᠲᠦᠷᠢᠶᠡᠰᠦᠯᠡᠭᠦᠯᠬᠦ ᠬᠤᠶᠠᠷ ᠲᠠᠯ᠎ᠠ ᠪᠠᠷ ᠢᠶᠠᠨ | ᠲᠦᠷᠢᠶᠡᠰᠦᠯᠡᠬᠦ ᠬᠠᠷᠢᠴᠠᠭ᠎ᠠ ᠪᠠᠨ ᠥᠪᠡᠰᠦᠪᠡᠨ ᠬᠦᠴᠦᠨ ᠦᠭᠡᠢ ᠪᠣᠯᠭᠠᠨ᠎ᠠ︔ ᠪᠠᠷᠢᠴᠠᠭ᠎ᠠ ᠪᠠᠶᠢᠪᠠᠯ᠂ ᠥᠮᠴᠢᠯᠡᠯ ᠤᠨ | ᠡᠷᠬᠡᠲᠦ ᠬᠥᠮᠦᠨ ᠥᠪᠡᠷ ᠢᠶᠠᠨ ᠪᠠᠷᠢᠴᠠᠭ᠎ᠠ ᠶᠢ ᠬᠦᠴᠦᠨ ᠦᠭᠡᠢ ᠪᠣᠯᠭᠠᠨ᠎ᠠ︔ ᠵᠢᠭᠤᠷᠠᠯᠳᠤᠭᠠᠨ ᠣᠷᠣᠰᠢᠵᠤ ᠪᠠᠶᠢᠪᠠᠯ᠂ | ᠲᠤᠬᠠᠢ ᠶᠢᠨ ᠬᠥᠮᠦᠨ ᠬᠤᠶᠠᠷ ᠲᠠᠯ᠎ᠠ ᠪᠠᠷ ᠢᠶᠠᠨ ᠥᠪᠡᠰᠦᠪᠡᠨ ᠰᠢᠢᠳᠪᠦᠷᠢᠯᠡᠨ᠎ᠡ᠃ | ︵ᠲᠠᠪᠤ︶ ᠲᠠᠲᠠᠪᠤᠷᠢᠯᠠᠬᠤ ᠠᠵᠢᠯ ᠳᠤ ︽ᠳᠥᠷᠪᠡ ᠶᠢ ᠢᠯᠡ ᠪᠠᠶᠢᠯᠭᠠᠬᠤ᠂ ᠳᠥᠷᠪᠡ ᠶᠢ ᠬᠢᠨᠠᠯᠲᠠ ᠲᠠᠯᠪᠢᠬᠤ︾ | ᠶᠢ ᠬᠡᠷᠡᠭᠵᠢᠭᠦᠯᠬᠦ ᠬᠡᠷᠡᠭᠲᠡᠢ᠃ ︽ᠳᠥᠷᠪᠡ ᠶᠢ ᠢᠯᠡ ᠪᠣᠯᠭᠠᠬᠤ︾᠂ ᠲᠤᠬᠠᠶᠢᠯᠠᠪᠠᠯ ᠨᠥᠬᠦᠪᠥᠷᠢ ᠥᠭᠴᠦ | ᠲᠥᠪᠬᠢᠨᠡᠭᠦᠯᠬᠦ ᠲᠥᠰᠦᠯ᠂ ᠭᠠᠵᠠᠷ ᠰᠢᠷᠣᠢ ᠲᠠᠲᠠᠪᠤᠷᠢᠯᠠᠭᠰᠠᠨ ᠲᠠᠯᠠᠪᠠᠢ᠂ ᠦᠨᠡᠯᠡᠨ ᠵᠢᠱᠢᠭᠰᠡᠨ ᠦᠷ᠎ᠡ ᠳ᠋ᠦᠩ᠂ | ᠨᠥᠬᠦᠪᠥᠷᠢ ᠥᠭᠴᠦ ᠲᠥᠪᠬᠢᠨᠡᠭᠦᠯᠬᠦ ᠦᠷ᠎ᠡ ᠳ᠋ᠦᠩ ᠢ ᠠᠯᠪᠠᠨ ᠵᠠᠷ ᠤᠨ ᠪᠤᠯᠤᠩ ᠳᠤ ᠵᠠᠷᠯᠠᠨ ᠨᠡᠶᠢᠲᠡᠯᠡᠨ᠎ᠡ︔ ︽ | ᠳᠥᠷᠪᠡᠨ ᠬᠢᠨᠠᠯᠲᠠ︾ ᠭᠡᠳᠡᠭ ᠨᠢ ᠳᠠᠷᠤᠢ ᠲᠠᠲᠠᠪᠤᠷᠢᠯᠠᠭᠳᠠᠭᠰᠠᠨ ᠬᠥᠮᠦᠰ ᠬᠢᠨᠠᠯᠲᠠ ᠲᠠᠯᠪᠢᠬᠤ᠂ ᠬᠢᠨᠠᠨ ᠪᠣᠳᠣᠬᠤ | ᠬᠢᠨᠠᠯᠲᠠ ᠲᠠᠯᠪᠢᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ᠂ ᠨᠡᠶᠢᠭᠡᠮ ᠤᠨ | ᠬᠢᠨᠠᠯᠲᠠ ᠲᠠᠯᠪᠢᠬᠤ ᠶᠠᠪᠤᠳᠠᠯ ᠪᠣᠯᠤᠨ᠎ᠠ᠃ | ︵ᠵᠢᠷᠭᠤᠭ᠎ᠠ︶ ᠲᠤᠰ ᠲᠥᠰᠦᠯ ᠢ ᠭᠠᠵᠠᠷ ᠰᠢᠷᠣᠢ ᠲᠠᠲᠠᠪᠤᠷᠢᠯᠠᠬᠤ ᠰᠠᠯᠠᠭ᠎ᠠ ᠮᠥᠴᠢᠷ ᠬᠠᠷᠢᠭᠤᠴᠠᠨ | ᠲᠠᠶᠢᠯᠪᠤᠷᠢᠯᠠᠨ᠎ᠠ᠃ ᠲᠤᠰ ᠲᠥᠰᠦᠯ ᠨᠢ ᠵᠥᠪᠬᠡᠨ ᠲᠤᠭᠤᠷ ᠤᠨ 500 ᠺᠢᠯᠣᠸᠠᠲ ᠤᠨ ᠰᠢᠨ᠎ᠡ ᠡᠨᠧᠷᠭᠢ ᠶᠢ | ᠴᠤᠭᠯᠠᠭᠤᠯᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢᠶᠠᠷ ᠬᠢᠵᠠᠭᠠᠷᠯᠠᠵᠤ᠂ ᠪᠤᠰᠤᠳ ᠭᠠᠵᠠᠷ | ᠰᠢᠷᠣᠢ ᠲᠠᠲᠠᠪᠤᠷᠢᠯᠠᠬᠤ ᠲᠥᠷᠥᠯ ᠵᠦᠢᠯ ᠤᠨ ᠨᠥᠬᠦᠪᠥᠷᠢ ᠶᠢᠨ ᠪᠠᠷᠢᠮᠵᠢᠶ᠎ᠠ ᠶᠢ ᠬᠡᠷᠡᠭᠵᠢᠭᠦᠯᠬᠦ ᠦᠨᠳᠦᠰᠦᠯᠡᠯ ᠪᠣᠯᠭᠠᠵᠤ | ᠪᠣᠯᠬᠤ ᠦᠭᠡᠢ᠃ | | |