ᠥᠪᠡᠷᠮᠢᠴᠡ ᠣᠨᠴᠠᠯᠢᠭ ᠢ ᠮᠠᠯᠲᠠᠵᠤ᠂ ᠬᠥᠭᠵᠢᠯᠲᠡ ᠶᠢ ᠠᠬᠢᠭᠤᠯᠵᠤ᠂ ᠮᠢᠩᠭᠠᠨ ᠲᠦᠮᠡᠨ ᠢᠨᠵᠧᠨᠧᠷᠢᠩ ᠰᠢᠨ᠎ᠡ ᠵᠠᠮ ᠢ ᠬᠠᠶᠢᠨ ᠰᠦᠪᠡᠭᠴᠢᠯᠡᠨ᠎ᠡ
ᠨᠡᠶᠢᠲᠡᠯᠡᠭᠰᠡᠨ ᠴᠠᠭ᠄
2024/9/27
   ᠪᠠᠶᠠᠨᠬᠤᠰᠢᠭᠤ ᠪᠠᠯᠭᠠᠰᠤᠨ ᠤ ᠰᠢᠷᠠᠳᠤᠪᠤ ᠭᠠᠴᠠᠭ᠎ᠠ ᠨᠢ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠢᠮᠠᠭᠲᠠ ᠪᠠᠷᠢᠮᠲᠠᠯᠠᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠡᠷᠢᠭᠦᠨ ᠤ ᠲᠤᠷᠰᠢᠯᠭ᠎ᠠ ᠶᠢ ᠢᠳᠡᠪᠬᠢᠲᠡᠢ ᠰᠤᠷᠤᠯᠴᠠᠵᠤ᠂ ᠲᠣᠰᠬᠤᠨ ᠤ ᠪᠠᠶᠢᠳᠠᠯ ᠲᠠᠢ ᠤᠶᠠᠯᠳᠤᠭᠤᠯᠵᠤ᠂ ᠣᠨᠴᠠᠯᠢᠭ ᠢ ᠠᠭᠤᠳᠠᠯᠵᠤ᠂ ᠰᠡᠯᠡᠭᠦᠴᠡᠯ ᠵᠢᠭᠤᠯᠴᠢᠯᠠᠯ ᠤᠨ ᠲᠣᠰᠬᠤᠨ ᠢ ᠪᠠᠶᠢᠭᠤᠯᠬᠤ ᠪᠠᠷ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠣᠯᠭᠠᠵᠤ᠂ ᠬᠥᠳᠡᠭᠡ ᠲᠣᠰᠬᠤᠨ ᠤ ᠠᠵᠤ ᠦᠢᠯᠡᠰ ᠬᠥᠭᠵᠢᠭᠰᠡᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠭᠤᠶᠤ᠂ ᠬᠥᠳᠡᠭᠡ ᠲᠣᠰᠬᠤᠨ ᠤ ᠵᠠᠰᠠᠯᠲᠠ ᠴᠢᠩᠭ᠎ᠠ ᠪᠦᠲᠦᠭᠡᠨ ᠪᠠᠶᠢᠭᠤᠯᠤᠯᠲᠠ ᠶᠢᠨ ᠵᠠᠮ ᠢ ᠰᠦᠪᠡᠭᠴᠢᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠭᠠᠴᠠᠭᠠᠨ ᠤ ᠣᠨᠴᠠᠯᠢᠭᠲᠤ ᠬᠥᠳᠡᠭᠡ ᠲᠣᠰᠭᠤᠨ ᠤ ᠠᠵᠤ ᠦᠢᠯᠡᠰ ᠢ ᠬᠥᠭᠵᠢᠭᠦᠯᠵᠦ ᠬᠦᠷᠢᠶ᠎ᠡ ᠬᠠᠱᠢᠶ ᠎ᠠ ᠶᠢᠨ ᠠᠵᠤ ᠠᠬᠤᠢ ᠶᠢ ᠬᠥᠭᠵᠢᠭᠦᠯᠦᠶ᠎ᠡ᠃    ᠰᠢᠷᠠᠳᠤᠪᠤ ᠭᠠᠴᠠᠭ᠎ᠠ ᠲᠣᠰᠬᠤᠨ ᠤ ᠣᠨᠴᠠᠯᠢᠭ ᠢ ᠠᠭᠤᠳᠠᠯᠵᠤ᠂ ᠰᠡᠯᠡᠭᠦᠴᠡᠯ ᠵᠢᠭᠤᠯᠴᠢᠯᠠᠯ ᠤᠨ ᠲᠣᠰᠬᠤᠨ ᠢ ᠪᠦᠲᠦᠭᠡᠨ ᠪᠠᠶᠢᠭᠤᠯᠵᠤ᠂ ᠠᠵᠤ ᠦᠢᠯᠡᠰ ᠤᠨ ᠠᠭᠤᠰᠤᠯᠴᠠᠯ ᠢ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ᠃ ᠭᠠᠵᠠᠷ ᠣᠷᠣᠨ ᠤ ᠳᠠᠪᠠᠭᠤᠯᠢᠭ ᠢᠶᠠᠨ ᠪᠠᠳᠠᠷᠠᠭᠤᠯᠵᠤ ᠬᠥᠳᠡᠭᠡ ᠲᠣᠰᠭᠤᠨ ᠤ ᠵᠢᠭᠤᠯᠴᠢᠯᠠᠯ ᠤᠨ ᠠᠵᠤ ᠦᠢᠯᠡᠰ ᠢ ᠠᠬᠢᠭᠤᠯᠤᠶ᠎ᠠ᠃ ᠭᠠᠴᠠᠭᠠᠨ ᠤ ︽ᠣᠶᠢᠷ᠎ᠠ ᠤᠯᠤᠰ ᠤᠨ ᠵᠠᠮ︾ ︽ᠣᠶᠢᠷ᠎ᠠ ᠬᠤᠲᠠ ᠶᠢᠨ ᠲᠣᠭᠤᠷᠢᠭ︾ ᠤᠨ ᠭᠠᠵᠠᠷ ᠵᠦᠢ ᠶᠢᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠬᠤ︾ ᠪᠠᠷ ᠭᠤᠣᠯᠳᠠᠯᠭ᠎ᠠ ᠪᠣᠯᠭᠠᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠤᠰᠤᠨ ᠳᠡᠭᠡᠷᠡᠬᠢ ᠴᠡᠩᠭᠡᠯ ᠤᠨ ᠬᠦᠷᠢᠶᠡᠯᠡᠩ᠂ ᠠᠮᠲᠠᠲᠤ ᠢᠳᠡᠭᠡᠨ ᠤ ᠵᠡᠭᠡᠯᠢ ᠶᠢ ᠪᠦᠲᠦᠭᠡᠨ ᠪᠠᠶᠢᠭᠤᠯᠵᠤ ᠵᠤᠭᠠᠴᠠᠭᠰᠠᠳ ᠢ ᠲᠡᠳᠡᠨ ᠠᠪᠴᠢᠷᠠᠵᠤ᠂ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠲᠠᠷᠢᠶᠠᠴᠢᠨ ᠠᠶᠢᠯ ᠤᠨ ᠵᠢᠭᠤᠯᠴᠢᠯᠠᠯ᠂ ᠵᠢᠮᠢᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ᠥᠪᠡᠷᠮᠢᠴᠡ ᠣᠨᠴᠠᠯᠢᠭ ᠲᠠᠢ ᠰᠡᠯᠡᠭᠦᠴᠡᠯ ᠵᠢᠭᠤᠯᠴᠢᠯᠠᠯ ᠤᠨ ᠲᠣᠰᠬᠤᠨ ᠪᠣᠯᠭᠠᠨ ᠪᠦᠲᠦᠭᠡᠨ ᠪᠠᠶᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠨᠠᠮ ᠤᠨ ᠡᠭᠦᠷ ᠳᠠᠭᠠᠭᠤᠯᠤᠨ ᠬᠤᠷᠰᠢ᠊ ᠡᠶ᠎ᠡ ᠡᠷᠬᠢᠯᠡᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠪᠠ᠃ ᠰᠢᠷᠠᠲᠤᠪ ᠭᠠᠴᠠᠭᠠᠨ ᠤ ᠬᠥᠮᠦᠨ ᠮᠠᠯ ᠢ ᠰᠠᠯᠭᠠᠬᠤ ᠪᠠᠭ᠎ᠠ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠠᠮᠲᠤ ᠶᠢᠨ ᠠᠵᠤ ᠠᠬᠤᠢ ᠶᠢᠨ ᠦᠬᠡᠷ ᠲᠡᠵᠢᠭᠡᠬᠦ ᠲᠥᠷᠥᠯ ᠵᠦᠢᠯ ᠢ ᠬᠡᠷᠡᠭᠵᠢᠭᠦᠯᠵᠦ᠂ ᠭᠠᠴᠠᠭᠠᠨ ᠤ ᠬᠠᠭᠠᠰ ᠲᠣᠭᠠᠨ ᠤ ᠮᠠᠯᠵᠢᠬᠤ ᠲᠠᠷᠢᠶᠠᠯᠠᠬᠤ ᠡᠷᠦᠬᠡ ᠶᠢ ᠲᠡᠳᠡᠨ ᠠᠪᠴᠢᠷᠠᠵᠤ ᠪᠡᠯᠡ ᠣᠷᠣᠭᠤᠯᠤᠨ ᠬᠤᠪᠢ ᠣᠷᠣᠭᠤᠯᠵᠤ᠂ ᠭᠠᠴᠠᠭᠠᠨ ᠤ ᠪᠦᠬᠦᠯᠢ ᠴᠣᠭᠴᠠ ᠶᠢᠨ ᠡᠵᠡᠩᠨᠡᠯᠲᠡ ᠪᠠᠷ ᠳᠠᠮᠵᠢᠨ᠂ ᠮᠠᠯᠵᠢᠬᠤ ᠲᠠᠷᠢᠶᠠᠯᠠᠬᠤ ᠡᠷᠦᠬᠡ ᠶᠢᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠣᠯᠠᠨ ᠲᠦᠮᠡᠨ ᠤ ᠣᠷᠣᠯᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠥᠮᠦᠨ ᠳᠤᠮᠳᠠᠴᠢ ᠶᠢᠨ ᠠᠰᠢᠭ ᠬᠤᠪᠢᠶᠠᠷᠢᠯᠠᠯᠲᠠ ᠶᠢ 3000 ᠲᠥᠭᠦᠷᠢᠭ ᠬᠤᠪᠢᠶᠠᠷᠢᠯᠠᠪᠠ᠃ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠤᠬᠠᠭᠤᠯᠤᠨ ᠳᠡᠯᠭᠡᠷᠡᠭᠦᠯᠵᠦ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃ ᠰᠢᠷᠠᠳᠤᠪᠤ ᠭᠠᠴᠠᠭ᠎ᠠ ᠨᠢ 200 ᠮᠦ ᠤᠰᠤᠨ ᠳᠠᠷᠢᠶ᠎ᠠ ᠶᠢ ᠥᠭᠡᠷᠡᠴᠢᠯᠡᠨ᠂ ᠪᠠᠰᠠ ᠭᠠᠴᠠᠭᠠᠨ ᠤ ᠬᠦᠷᠢᠶ᠎ᠡ ᠬᠠᠰᠢᠶᠠᠨ ᠤ ᠪᠠᠨ ᠣᠨᠴᠠᠯᠢᠭ ᠲᠠᠢ ᠤᠶᠠᠯᠳᠤᠭᠤᠯᠵᠤ᠂ ᠮᠠᠯᠴᠢᠨ ᠲᠠᠷᠢᠶᠠᠴᠢᠨ ᠡᠷᠦᠬᠡ ᠶᠢᠨ ᠭᠡᠷ ᠪᠠᠶᠢᠰᠢᠩ ᠤᠨ ᠠᠷᠤ ᠥᠪᠥᠷ ᠤᠨ ᠬᠤᠭᠤᠰᠣᠨ ᠭᠠᠵᠠᠷ ᠢ ᠠᠰᠢᠭᠯᠠᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠶᠢ ᠵᠣᠷᠢᠭᠵᠢᠭᠤᠯᠵᠤ᠂ ᠤᠰᠤᠨ ᠲᠤᠲᠤᠷᠭ᠎ᠠ ᠲᠠᠷᠢᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ︽ᠨᠢᠭᠡ ᠲᠣᠰᠬᠤᠨ ᠨᠢᠭᠡ ᠲᠥᠷᠥᠯ ᠵᠦᠢᠯ︾ ᠢ ᠪᠣᠢ ᠪᠣᠯᠭᠠᠵᠤ᠂ ᠲᠤᠲᠤᠷᠭ᠎ᠠ ᠡᠳ᠋ᠰᠢᠭᠦᠯᠬᠦ ᠦᠢᠯᠡᠳᠪᠦᠷᠢ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠱᠢᠯᠡᠭᠦᠯᠵᠦ ᠤᠰᠤ ᠰᠠᠶᠢᠬᠠᠨ ᠬᠥᠳᠡᠭᠡ ᠲᠣᠰᠭᠤᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠤᠰᠤᠨ ᠱᠢᠰᠲ᠋ᠧᠮ ᠤᠨ ᠦᠵᠡᠮᠵᠢ ᠶᠢ ᠪᠦᠲᠦᠭᠡᠨ ᠪᠠᠶᠢᠭᠤᠯᠤᠶ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠰᠢᠷᠠᠳᠤᠪᠤ ᠭᠠᠴᠠᠭ᠎ᠠ ᠤᠰᠤᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠤᠲᠠ ᠶᠢᠨ ᠲᠡᠭᠦᠷᠭᠡ ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠤᠨ᠎ᠠ᠃ ᠤᠰᠤ ᠬᠠᠩᠭᠠᠬᠤ ᠪᠠ ᠤᠰᠤ ᠲᠠᠲᠠᠷᠠᠭᠤᠯᠬᠤ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠣᠯᠠᠨ ᠲᠦᠮᠡᠨ ᠤ ᠠᠮᠢᠳᠤᠷᠠᠯ ᠳᠤ ᠳᠥᠭᠦᠮ ᠦᠵᠡᠭᠦᠯᠦᠨ᠎ᠡ᠃ ᠤᠰᠤ ᠲᠠᠲᠠᠵᠤ ᠲᠣᠰᠬᠤᠨ ᠳᠤ ᠣᠷᠣᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠲᠣᠰᠬᠤᠨ ᠤ ᠵᠠᠮ ᠤᠨ ᠭᠤᠣᠯ ᠵᠠᠮ ᠤᠨ ᠲᠣᠭᠤᠷᠢᠨ ᠳᠤ ᠤᠰᠤᠨ ᠤ ᠰᠤᠪᠠᠭ ᠢ 3000 ᠮᠧᠳ᠋ᠷ ᠵᠠᠰᠠᠵᠤ᠂ ᠤᠰᠤᠨ ᠤ ᠳᠠᠭᠤᠨ ᠨᠢ ᠮᠡᠯᠡᠬᠡᠢ ᠶᠢᠨ ᠳᠠᠭᠤᠨ ᠢ ᠳᠠᠭᠠᠯᠳᠤᠨ᠂ ᠵᠤᠭᠠᠴᠠᠯ ᠤᠨ ᠦᠵᠡᠮᠵᠢ ᠶᠢᠨ ᠣᠷᠣᠨ ᠤ ᠤᠰᠤᠨ ᠤ ᠰᠢᠰᠲ᠋ᠧᠮ ᠤᠨ ᠦᠵᠡᠮᠵᠢ ᠶᠢ ᠪᠣᠢ ᠪᠣᠯᠭᠠᠬᠤ ᠶᠢᠨ ᠬᠠᠮᠲᠤ ᠪᠣᠬᠢᠷ ᠤᠰᠤ ᠶᠢ ᠰᠢᠢᠳᠪᠦᠷᠢᠯᠡᠬᠦ ᠰᠢᠰᠲ᠋ᠧᠮ ᠢ ᠪᠠᠶᠢᠭᠤᠯᠵᠤ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠵᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠳᠥᠭᠦᠮ ᠦᠵᠡᠭᠦᠯᠵᠦ᠂ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠪᠠ᠃ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠠᠭᠠᠯᠠᠨ᠎ᠠ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢ ᠠᠴᠠ ᠳᠡᠷᠭᠡᠳᠡᠬᠢ ᠣᠯᠠᠨ ᠲᠦᠮᠡᠨ ᠢ ᠳᠠᠶᠢᠴᠢᠯᠠᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠠᠷᠢᠭᠤᠨ ᠴᠡᠪᠡᠷ᠂ ᠲᠠᠭᠠᠯᠠᠮᠵᠢᠲᠠᠢ ᠪᠠᠶᠢᠬᠤ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠥᠩᠭᠡ ᠶᠢ ᠭᠡᠷᠡᠯᠲᠦᠭᠦᠯᠵᠦ᠂ ᠴᠡᠪᠡᠷ ᠴᠡᠮᠴᠡᠭᠡᠷ᠂ ᠴᠡᠪᠡᠷ ᠴᠡᠮᠴᠡᠭᠡᠷ ᠬᠥᠳᠡᠭᠡ ᠲᠣᠰᠬᠤᠨ ᠤ ᠵᠡᠭᠡᠯᠢ ᠭᠤᠳᠤᠮᠵᠢ ᠶᠢ ᠪᠤᠢ ᠪᠣᠯᠭᠠᠨ᠎ᠠ᠃ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠶᠢ ᠢᠳᠡᠪᠬᠢᠲᠡᠢ ᠪᠠᠳᠠᠷᠠᠭᠤᠯᠵᠤ ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ︽ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ ᠳᠡᠯᠭᠡᠷᠡᠭᠦᠯᠵᠦ᠂ ︽ᠬᠥᠮᠦᠨ ᠪᠦᠬᠦᠨ ᠬᠠᠷᠢᠭᠤᠴᠠᠯᠭ᠎ᠠ ᠲᠠᠢ︾ ᠪᠠᠶᠢᠭᠰᠠᠨ ᠠᠴᠠ ᠨᠢ ︽ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠰᠢᠯᠭᠠᠷᠠᠭᠤᠯᠤᠨ ᠰᠣᠩᠭᠤᠵᠤ᠂ ᠣᠯᠠᠨ ᠲᠦᠮᠡᠨ ᠤ ᠦᠵᠡᠰᠬᠦᠯᠡᠩᠲᠦ ᠰᠠᠶᠢᠬᠠᠨ ᠣᠷᠴᠢᠨ ᠲᠣᠭᠤᠷᠢᠨ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭᠠᠲᠤ ᠴᠢᠨᠠᠷ ᠢ ᠬᠥᠭᠵᠢᠭᠡᠬᠦ ᠶᠢᠨ ᠬᠠᠮᠲᠤ ᠡᠷᠡᠭᠦᠯ ᠬᠠᠮᠠᠭᠠᠯᠠᠯ ᠤᠨ ᠡᠷᠦᠬᠡ ᠶᠢᠨ ᠵᠣᠷᠯᠣᠩ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠶᠢᠯ ᠲᠣᠰᠬᠤᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠣᠯᠠᠨ ᠲᠦᠮᠡᠨ ᠤ ᠠᠮᠢᠳᠤᠷᠠᠯ ᠳᠤ ᠳᠥᠭᠦᠮ ᠦᠵᠡᠭᠦᠯᠵᠦ᠂ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号