ᠣᠶᠢᠷ᠎ᠠ ᠳᠤ ᠮᠠᠨ ᠤ ᠣᠷᠣᠨ ᠤ ᠭᠤᠤᠯᠳᠠᠯᠭ᠎ᠠ ᠲᠠᠢ ᠣᠯᠠᠨ ᠲᠥᠷᠥᠯ ᠵᠦᠢᠯ ᠪᠠᠷᠢᠯᠭ᠎ᠠ ᠡᠬᠢᠯᠡᠵᠦ ᠪᠦᠲᠦᠭᠡᠨ | ᠪᠠᠶᠢᠭᠤᠯᠪᠠ ᠃ 9 ᠳ᠋ᠦ᠋ᠭᠡᠷ ᠰᠠᠷ᠎ᠠ ᠶᠢᠨ 25 ᠤ ᠡᠳᠦᠷ ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠣᠷᠣᠨ | ᠪᠦᠰᠡ ᠶᠢᠨ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠠᠮᠢᠳᠤᠯᠢᠭ ᠴᠢᠨᠠᠷᠲᠠᠶ ᠥᠭᠡᠷᠡᠴᠢᠯᠡᠨ | ᠵᠠᠰᠬᠠᠤ ᠪᠠᠷ 1018MW ᠰᠢᠨ᠎ᠡ ᠡᠨᠧᠷᠭᠢ ᠶᠢ ᠰᠢᠩᠭᠡᠭᠡᠨ ᠣᠷᠣᠭᠤᠯᠣᠨ ᠠᠪᠬᠤ ᠲᠥᠷᠥᠯ ᠵᠦᠢᠯ ᠤᠨ | ᠪᠠᠷᠢᠯᠭ᠎ᠠ ᠶᠢᠨ ᠠᠵᠢᠯ ᠡᠬᠢᠯᠡᠬᠦ ᠶᠣᠰᠣᠯᠠᠯ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠳᠤ ᠶᠠᠪᠤᠭᠳᠠᠪᠠ ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠪᠠᠷᠤᠭ 42.2 ᠳ᠋ᠦᠩᠰᠢᠭᠤᠷ | ᠲᠥᠭᠦᠷᠢᠭ ᠲᠤ ᠬᠦᠷᠴᠦ ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 1018MW ᠪᠠᠶᠢᠵᠤ ᠂ | 220kV ᠤᠨ ᠬᠦᠴᠦᠳᠡᠯ ᠨᠡᠮᠡᠭᠳᠡᠭᠦᠯᠬᠦ ᠥᠷᠲᠡᠭᠡ ᠶᠢ 2 ᠪᠠᠶᠢᠭᠤᠯᠵᠤ ᠂ ᠲᠤᠰ ᠥᠷᠲᠡᠭᠡᠨ ᠤ ᠭᠠᠷᠭᠠᠭᠰᠠᠨ | ᠴᠠᠬᠢᠯᠭᠠᠨ ᠬᠦᠴᠦ ᠶᠢ ᠰᠣᠳᠣᠨ 500kV ᠬᠦᠴᠦᠳᠡᠯ ᠥᠭᠡᠷᠡᠴᠢᠯᠡᠬᠦ ᠥᠷᠲᠡᠭᠡ ᠪᠠᠷ ᠳᠠᠮᠵᠢᠭᠤᠯᠤᠨ ᠥᠪᠥᠷ | ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠣᠷ ᠲᠤ ᠣᠷᠣᠭᠤᠯᠵᠤ ᠰᠢᠩᠭᠡᠭᠡᠨ ᠣᠷᠣᠭᠤᠯᠬᠤ ᠪᠣᠯᠣᠨ᠎ᠠ ᠃ | ᠪᠠᠶᠢᠭᠤᠯᠤᠭᠠᠳ ᠠᠰᠢᠭᠯᠠᠯᠲᠠ ᠳᠤ ᠣᠷᠣᠭᠰᠠᠨ ᠤ ᠳᠠᠷᠠᠭ᠎ᠠ ᠂ ᠵᠢᠱᠢᠯᠲᠡ ᠪᠠᠷ ᠵᠢᠯ ᠪᠦᠷᠢ 29.36 ᠳ᠋ᠦᠩᠰᠢᠭᠤᠷ | ᠭᠷᠠᠳᠦ᠋ᠰ ᠤᠨ ᠪᠣᠬᠢᠷᠲᠤᠯ ᠦᠭᠡᠢ ᠴᠠᠬᠢᠯᠭᠠᠨ ᠡᠨᠧᠷᠭᠢ ᠶᠢ ᠭᠠᠷᠭᠠᠬᠤ ᠪᠣᠯᠤᠨ᠎ᠠ ᠃ | 9 ᠳ᠋ᠦ᠋ᠭᠡᠷ ᠰᠠᠷ᠎ᠠ ᠶᠢᠨ 26 ᠤ ᠡᠳᠦᠷ ᠂ ᠲᠦᠩᠯᠢᠶᠣᠤ ᠬᠤᠲᠠ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ | ᠨᠢᠭᠡᠳᠦᠭᠡᠷ ᠬᠤᠭᠤᠴᠠᠭᠠᠨ ᠤ ᠢᠵᠢ ᠪᠦᠷᠢᠳᠦᠭᠰᠡᠨ 110 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠨᠢ ᠵᠠᠷᠤᠳ ᠬᠤᠰᠢᠭᠤ ᠪᠠ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠬᠤᠶᠠᠷ ᠭᠠᠵᠠᠷ ᠤᠨ | ᠢᠵᠢᠯ ᠲᠠᠯᠠᠪᠤᠷᠲᠤ ᠰᠠᠯᠬᠢ ᠬᠡᠷᠡᠯ ᠤᠨ ᠲᠥᠷᠥᠯ ᠵᠦᠢᠯ ᠨᠢ ᠪᠠᠷᠢᠯᠭ᠎ᠠ ᠪᠠᠶᠢᠭᠤᠯᠬᠤ ᠭᠠᠵᠠᠷ ᠢᠶᠠᠨ ᠰᠣᠩᠭᠤᠨ | ᠵᠡᠷᠭᠡ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠂ | ᠵᠢᠯ ᠳᠤ ᠢᠯᠡᠭᠦᠦ 20 ᠳ᠋ᠦᠩᠰᠢᠭᠤᠷ ᠺᠢᠯᠣᠸᠠᠲ ᠴᠠᠭ ᠤᠨ ᠪᠣᠬᠢᠷᠳᠤᠯ ᠦᠭᠡᠢ ᠴᠠᠬᠢᠯᠭᠠᠨ ᠢ ᠭᠠᠷᠭᠠᠵᠤ ᠂ | ᠦᠢᠯᠡᠳᠬᠦᠨ ᠤ ᠥᠷᠲᠡᠭ ᠢ 6 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠣᠯᠣᠨ᠎ᠠ ᠃ ᠪᠠᠶᠠᠨᠨᠠᠭᠤᠷ ᠬᠤᠲᠠ ᠶᠢᠨ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ | ᠴᠣᠭᠴᠠᠵᠢᠭᠤᠯᠤᠭᠰᠠᠨ ᠢᠨᠵᠧᠨᠧᠷᠢᠩ ᠤᠨ ᠤᠷᠠᠳ ᠤᠨ ᠳᠤᠮᠳᠠᠳᠤ ᠬᠤᠰᠢᠭᠤᠨ ᠤ 56 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠣᠶᠢᠷ᠎ᠠ ᠳᠤ ᠠᠵᠢᠯ ᠡᠬᠢᠯᠡᠬᠦ ᠶᠣᠰᠣᠯᠠᠯ ᠶᠠᠪᠤᠭᠳᠠᠭᠤᠯᠵᠤ ᠂ | ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 23.7 ᠳ᠋ᠦᠩᠰᠢᠭᠤᠷ ᠲᠥᠭᠦᠷᠢᠭ ᠲᠤ ᠬᠦᠷᠴᠦ ᠂ 56 | ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠂ 220kV ᠬᠦᠴᠦᠳᠡᠯ | ᠨᠡᠮᠡᠭᠳᠡᠭᠦᠯᠬᠦ ᠦᠷᠳᠡᠭᠡ ᠵᠢᠴᠢ ᠠᠵᠢᠯᠯᠠᠭᠠᠨ ᠤ ᠬᠠᠮᠢᠶᠠᠷᠤᠯᠲᠠ ᠶᠢᠨ ᠲᠥᠪ ᠵᠡᠷᠭᠡ ᠢᠵᠢ ᠪᠦᠷᠢᠳᠦᠭᠰᠡᠨ | ᠪᠡᠯᠡᠳᠭᠡᠮᠵᠢ ᠶᠢ ᠰᠢᠨ᠎ᠡ ᠪᠠᠷ ᠪᠠᠶᠢᠭᠤᠯᠵᠤ ᠂ ᠡᠨᠧᠷᠭᠢ ᠬᠠᠳᠠᠭᠠᠯᠠᠬᠤ ᠬᠡᠪᠴᠢᠶᠡᠵᠢᠯ ᠨᠢ 84MW / | 168MWh ᠢ ᠲᠣᠬᠢᠷᠠᠭᠤᠯᠤᠨ ᠪᠠᠶᠢᠭᠤᠯᠵᠤ ᠂ 2025 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ | ᠪᠥᠬᠦ ᠪᠠᠭᠲᠠᠭᠠᠮᠵᠢ ᠪᠠᠷ ᠨᠢ ᠲᠣᠣᠷ ᠲᠤ ᠨᠡᠶᠢᠯᠡᠭᠦᠯᠬᠦ ᠪᠠᠷ ᠲᠥᠯᠥᠪᠯᠡᠵᠦ ᠪᠠᠶᠢᠨ᠎ᠠ ᠃ ᠲᠥᠷᠥᠯ ᠵᠦᠢᠯ | ᠪᠠᠶᠢᠭᠤᠯᠤᠭᠳᠠᠭᠰᠠᠨ ᠤ ᠳᠠᠷᠠᠭ᠎ᠠ ᠂ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 12.9 ᠳ᠋ᠦᠩᠰᠢᠭᠤᠷ | ᠺᠢᠯᠣᠸᠠᠲ ᠴᠠᠭ ᠲᠤ ᠬᠦᠷᠬᠦ ᠪᠣᠯᠤᠨ᠎ᠠ ᠃ 9 ᠳ᠋ᠦ᠋ᠭᠡᠷ ᠰᠠᠷ᠎ᠠ ᠶᠢᠨ 25 ᠤ ᠡᠳᠦᠷ ᠂ ᠶᠤᠸᠠᠨ ᠵᠢᠩ ᠮᠧᠩ ᠰᠢᠨ | ᠪᠦᠯᠦᠭᠯᠡᠯ ᠤᠨ ᠠᠯᠠᠱᠠ ᠠᠶᠢᠮᠠᠭ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ | ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠵᠦ ᠂ | ᠲᠥᠷᠥᠯ ᠵᠦᠢᠯ ᠨᠢ 15.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠂ ᠶᠡᠷᠦᠩᠬᠡᠢ | ᠪᠠᠭᠲᠠᠭᠠᠮᠵᠢ ᠨᠢ 59.5 ᠲᠦᠮᠡᠨ ᠺᠢᠯᠣᠸᠠᠲ ᠲᠤ ᠬᠦᠷᠴᠦ ᠂ 15% ᠶᠢᠨ ᠪᠠ 2h ᠤᠨ ᠴᠠᠬᠢᠯᠭᠠᠨ ᠬᠢᠮᠢ ᠶᠢᠨ | ᠡᠨᠧᠷᠭᠢ ᠨᠥᠭᠡᠴᠡᠯᠡᠯᠲᠡ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ ᠂ 2025 ᠣᠨ ᠤ 9 ᠳ᠋ᠦ᠋ᠭᠡᠷ | ᠰᠠᠷ᠎ᠠ ᠳᠤ ᠪᠠᠶᠢᠭᠤᠯᠵᠤ ᠳᠠᠭᠤᠰᠬᠠᠭᠠᠳ ᠲᠣᠣᠷ ᠲᠤ ᠨᠡᠶᠢᠯᠡᠭᠦᠯᠬᠦ ᠪᠠᠷ ᠲᠥᠯᠥᠪᠯᠡᠵᠦ ᠪᠠᠶᠢᠨ᠎ᠠ ᠃ ︵︽ᠡᠳᠦᠷ | ᠪᠦᠷᠢ ᠶᠢᠨ ᠴᠢᠬᠤᠯᠠ ᠮᠡᠳᠡᠭᠡ︾ ᠰᠡᠳᠭᠦᠯ︶ | |