ᠳᠣᠲᠣᠭᠠᠳᠤ ᠶᠢ ᠬᠠᠮᠠᠭᠠᠯᠠᠬᠤ ᠲᠢᠩᠬᠢᠮ ᠬᠢᠯᠢ ᠬᠢᠵᠠᠭᠠᠷ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ | ᠴᠣᠭᠴᠠᠯᠠᠪᠠ᠃ ᠨᠢᠭᠡ ᠳᠤ᠂ ᠬᠠᠮᠢᠶᠠᠷᠤᠨ ᠡᠵᠡᠮᠳᠡᠬᠦ ᠬᠦᠴᠦᠨ ᠰᠡᠷᠭᠡᠶᠢᠯᠡᠯᠲᠡ ᠶᠢᠨ ᠬᠦᠴᠦᠨ ᠤ ᠳᠣᠬᠢᠷᠠᠭᠤᠯᠭ᠎ᠠ ᠶᠢ | ᠰᠢᠯᠢᠳᠡᠭᠵᠢᠭᠦᠯᠪᠡ᠃ ︽46654︾ ᠬᠢᠯᠢ ᠶᠢᠨ ᠬᠠᠮᠢᠶᠠᠷᠤᠯᠲᠠ ᠡᠵᠡᠮᠳᠡᠯ ᠤᠨ ᠲᠣᠭᠲᠠᠯᠴᠠᠭ᠎ᠠ ᠶᠢ ᠪᠠᠶᠢᠭᠤᠯᠵᠤ᠂ | ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠢᠨ᠎ᠡ ᠴᠠᠭ | ᠦᠶ᠎ᠡ ᠶᠢᠨ ᠲᠠᠯ᠎ᠠ ᠨᠤᠲᠤᠭ ᠤᠨ 110 ᠵᠡᠷᠭᠡ ᠴᠠᠭᠳᠠᠭᠠᠨ ᠤ ᠶᠠᠪᠤᠳᠠᠯ ᠤᠨ ᠨᠠᠷᠠᠲᠤ ᠲᠡᠮᠳᠡᠭᠲᠦ ᠶᠢ | ᠲᠣᠭᠲᠠᠪᠤᠷᠢᠵᠢᠭᠤᠯᠵᠤ᠂ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠵᠡᠷᠭᠡ ᠣᠯᠠᠨ ᠢᠶᠠᠷ ᠢᠶᠠᠨ | ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠡᠪ ᠵᠠᠭᠪᠤᠷ ᠢ ᠪᠣᠶ ᠪᠣᠯᠭᠠᠵᠤ᠂ ᠰᠢᠨ᠎ᠡ ᠶᠢ ᠡᠭᠦᠳᠦᠭᠰᠡᠨ ᠠᠷᠭ᠎ᠠ | ᠬᠢᠳᠡᠯ ᠢᠶᠠᠨ ᠪᠥᠬᠦ ᠤᠯᠤᠰ ᠤᠨ ︽ᠹᠧᠩᠴᠢᠶᠤᠤ ᠶᠢᠨ ᠲᠤᠷᠰᠢᠯᠭ᠎ᠠ︾ ᠶᠢᠨ 60 ᠵᠢᠯ ᠤᠨ ᠣᠶ ᠶᠢᠨ ᠶᠡᠭᠡ | ᠬᠤᠷᠠᠯ ᠤᠨ ᠠᠬᠤᠢ ᠲᠠᠯᠠᠪᠠᠶ ᠳᠤ ᠳᠡᠯᠭᠡᠨ ᠦᠵᠡᠭᠦᠯᠪᠡ᠃ ᠬᠤᠶᠠᠷ ᠲᠤ᠂ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ | ᠨᠡᠶᠢᠯᠡᠮᠡᠯ ᠬᠦᠴᠦᠨ ᠢ ᠲᠥᠪᠯᠡᠷᠡᠭᠦᠯᠪᠡ᠃ ᠤᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠬᠠᠭᠤᠷᠠᠶ ᠵᠠᠮ ᠤᠨ | ᠴᠡᠷᠢᠭ ᠤᠨ ᠱᠲ᠋ᠠᠪᠴᠢ ᠶᠢᠨ ᠭᠠᠵᠠᠷ ᠵᠡᠷᠭᠡ ᠲᠠᠢ ᠬᠤᠯᠪᠣᠭᠠᠯᠠᠨ ᠵᠢᠵᠢᠭᠦᠷᠯᠡᠵᠦ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠲᠥᠪ ︵ᠤᠯᠤᠰ︶ ᠠᠴᠠ ᠬᠠᠮᠢᠶᠠᠷᠴᠤ ᠪᠦᠬᠦᠢ 14 | ᠠᠵᠤ ᠠᠬᠤᠶᠢᠯᠠᠯ ᠢ ᠵᠣᠬᠢᠴᠠᠭᠤᠯᠤᠨ ᠬᠢᠯᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠦᠴᠦᠷᠬᠡᠭ ᠶᠡᠭᠡ ᠬᠢᠯᠢ ᠶᠢᠨ ᠵᠠᠰᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠪᠡ᠃ | ᠭᠤᠷᠪᠠ ᠳᠤ᠂ ᠬᠢᠯᠢ ᠬᠢᠵᠠᠭᠠᠷ ᠤᠨ ᠨᠡᠶᠢᠭᠡᠮ ᠤᠨ ᠬᠠᠮᠢᠶᠠᠷᠤᠯᠲᠠ ᠡᠵᠡᠮᠳᠡᠯ ᠢ ᠴᠢᠩᠭᠠᠷᠠᠭᠤᠯᠪᠠ᠃ ︽ | ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢ 4 ᠪᠠᠶᠢᠭᠤᠯᠵᠤ᠂ ᠵᠥᠷᠢᠴᠡᠯ | ᠵᠠᠭᠤᠷᠠᠯᠳᠤᠭᠠᠨ ᠢ ᠰᠢᠢᠳᠪᠦᠷᠢᠯᠡᠬᠦ ᠣᠯᠠᠨ ᠡᠰᠢᠭᠦᠵᠢᠭᠦᠯᠦᠭᠰᠡᠨ ᠲᠣᠭᠲᠠᠴᠠ ᠶᠢ ᠲᠡᠭᠦᠯᠳᠡᠷᠵᠢᠭᠦᠯᠦᠨ᠂ ︽ᠬᠢᠯᠢ | ᠬᠢᠵᠠᠭᠠᠷ ᠢ ᠠᠮᠤᠷᠵᠢᠭᠤᠯᠬᠤ︾ ᠵᠡᠷᠭᠡ ᠲᠤᠰᠬᠠᠶ ᠵᠠᠰᠠᠯᠲᠠ ᠶᠢ ᠬᠡᠷᠡᠭᠵᠢᠭᠦᠯᠵᠦ᠂ ︽ᠠᠷᠠᠳ ᠤᠨ ᠴᠠᠭᠳᠠᠭ᠎ᠠ + | ᠬᠢᠯᠢ ᠶᠢᠨ ᠬᠠᠮᠠᠭᠠᠯᠠᠭᠴᠢ + ᠲᠤᠰᠠᠯᠠᠬᠤ ᠴᠠᠭᠳᠠᠭ᠎ᠠ + ᠡᠷᠦᠬᠡ ᠶᠢᠨ ᠴᠡᠷᠢᠭ + N︾ ᠬᠢᠯᠢ ᠶᠢᠨ ᠴᠠᠭᠳᠠᠨ | ᠪᠠᠶᠢᠴᠠᠭᠠᠬᠤ ᠬᠡᠪ ᠵᠠᠭᠪᠤᠷ ᠢ ᠬᠡᠷᠡᠭᠵᠢᠭᠦᠯᠵᠦ᠂ ᠳᠡᠩᠨᠡᠨ ᠰᠢᠢᠳᠪᠦᠷᠢᠯᠡᠭᠰᠡᠨ ᠣᠯᠠᠨ ᠬᠦᠨᠳᠦ ᠶᠡᠭᠡ ᠡᠷᠡᠭᠦᠦ ᠶᠢᠨ | ᠬᠡᠷᠡᠭ ᠨᠢ ᠲᠥᠪ ᠲᠧᠯᠸᠢᠰ ᠤᠨ ︽ᠲᠡᠭᠷᠢ ᠶᠢ ᠪᠦᠷᠬᠦᠭᠰᠡᠨ ᠲᠣᠣᠷ︾ ᠵᠡᠷᠭᠡ ᠵᠠᠭᠤᠴᠢᠯᠠᠭᠤᠷ ᠤᠨ ᠠᠩᠬᠠᠷᠤᠯ ᠢ | ᠲᠠᠲᠠᠭᠰᠠᠨ ᠪᠠᠶᠢᠨ᠎ᠠ᠃ ︵ᠳᠣᠲᠣᠭᠠᠳᠤ ᠶᠢ ᠬᠠᠮᠠᠭᠠᠯᠠᠬᠤ ᠲᠢᠩᠬᠢᠮ︶ |