9 ᠳ᠋ᠦ᠋ᠭᠡᠷ ᠰᠠᠷ᠎ᠠ ᠶᠢᠨ 25 ᠤ ᠡᠳᠦᠷ᠂ ᠡᠳ᠋ ᠤᠨ ᠵᠠᠰᠠᠭ ᠤᠨ ᠶᠠᠮᠤᠨ 2024 ᠣᠨ ᠤ ᠲᠥᠪ ᠤᠨ ᠡᠳ᠋ ᠤᠨ | ᠵᠠᠰᠠᠭ ᠠᠴᠠ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢ ᠳᠡᠮᠵᠢᠬᠦ ᠵᠢᠱᠢᠶ᠎ᠡ ᠦᠵᠡᠭᠦᠯᠬᠦ | ᠣᠷᠣᠨ ᠤ ᠨᠡᠷᠡᠰ ᠢ ᠨᠡᠶᠢᠲᠡᠯᠡᠵᠦ᠂ ᠮᠠᠨ ᠤ ᠣᠷᠣᠨ ᠤ ᠬᠥᠬᠡᠬᠤᠲᠠ ᠪᠠ ᠤᠯᠠᠭᠠᠨᠬᠠᠳᠠ ᠬᠤᠲᠠ ᠶᠢᠨ ᠬᠤᠩᠱᠠᠨ | ᠲᠣᠭᠤᠷᠢᠭ ᠰᠣᠩᠭᠤᠭᠳᠠᠪᠠ᠃ ︵ᠬᠥᠬᠡᠬᠤᠲᠠ ᠶᠢᠨ ᠵᠠᠰᠠᠭ ᠤᠨ ᠣᠷᠳᠣᠨ︶ | 9 ᠳ᠋ᠦ᠋ᠭᠡᠷ ᠰᠠᠷ᠎ᠠ ᠶᠢᠨ 26 ᠤ ᠡᠳᠦᠷ᠂ ᠶᠡᠷᠦᠩᠬᠡᠢ ᠪᠡᠯᠡ ᠣᠷᠣᠭᠤᠯᠤᠯᠲᠠ ᠨᠢ 67.2 ᠳ᠋ᠦᠩᠰᠢᠭᠤᠷ | ᠲᠥᠭᠦᠷᠢᠭ ᠲᠤ ᠬᠦᠷᠦᠭᠰᠡᠨ ᠲᠦᠩᠯᠢᠶᠣᠣ ᠬᠤᠲᠠ ᠶᠢᠨ ᠵᠠᠬᠠᠨᠠᠭᠤᠷ ᠤᠨ 35 ᠲᠦᠮᠡᠨ ᠲᠤᠨ ᠪᠣᠬᠢᠷᠳᠤᠯ ᠦᠭᠡᠢ | ᠴᠠᠬᠢᠯᠭᠠᠨ ᠬᠦᠩᠭᠡᠨᠴᠠᠭᠠᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠲᠤᠰ ᠲᠥᠷᠥᠯ ᠵᠦᠢᠯ ᠤᠨ | ᠵᠢᠯ ᠤᠨ ᠴᠠᠬᠢᠯᠭᠠᠨ ᠵᠠᠷᠤᠴᠠᠭᠤᠯᠬᠤ ᠬᠡᠮᠵᠢᠶ᠎ᠡ ᠨᠢ 46.5 ᠳ᠋ᠦᠩᠰᠢᠭᠤᠷ ᠺᠢᠯᠣᠸᠠᠲ ᠴᠠᠭ ᠪᠠᠶᠢᠵᠤ᠂ ᠡᠭᠦᠨ ᠳᠤ | ᠪᠣᠬᠢᠷᠳᠤᠯ ᠦᠭᠡᠢ ᠴᠠᠬᠢᠯᠭᠠᠨ ᠵᠠᠷᠤᠴᠠᠭᠤᠯᠬᠤ ᠬᠡᠮᠵᠢᠶ᠎ᠡ ᠨᠢ 37.21 ᠳ᠋ᠦᠩᠰᠢᠭᠤᠷ ᠺᠢᠯᠣᠸᠠᠲ ᠴᠠᠭ ᠪᠠᠶᠢᠵᠤ᠂ | ᠲᠥᠷᠥᠯ ᠵᠦᠢᠯ ᠤᠨ ᠶᠡᠷᠦᠩᠬᠡᠢᠯᠡᠭᠰᠡᠨ ᠴᠠᠬᠢᠯᠭᠠᠨ ᠵᠠᠷᠤᠴᠠᠭᠤᠯᠬᠤ ᠬᠡᠮᠵᠢᠶ᠎ᠡ ᠳᠠᠬᠢ ᠪᠣᠬᠢᠷᠳᠤᠯ ᠦᠭᠡᠢ ᠴᠠᠬᠢᠯᠭᠠᠨ | ᠵᠠᠷᠤᠴᠠᠭᠤᠯᠤᠭᠰᠠᠨ ᠬᠡᠮᠵᠢᠶ᠎ᠡ ᠨᠢ 79% ᠶᠢ ᠡᠵᠡᠯᠡᠨ᠎ᠡ᠃ ᠲᠤᠰ ᠲᠦᠷᠦᠯ ᠵᠦᠢᠯ ᠠᠰᠢᠭᠯᠠᠯᠲᠠ ᠳᠤ ᠣᠷᠣᠭᠰᠠᠨ ᠤ | ᠳᠠᠷᠠᠭ᠎ᠠ᠂ ᠤᠯᠤᠰ ᠤᠨ ᠳᠣᠲᠣᠭᠠᠳᠤ ᠳᠠᠬᠢ ᠪᠣᠬᠢᠷᠳᠤᠯ ᠦᠭᠡᠢ ᠴᠠᠬᠢᠯᠭᠠᠨ ᠢ ᠬᠡᠷᠡᠭᠯᠡᠭᠰᠡᠨ ᠬᠠᠷᠢᠴᠠᠯ ᠢᠶᠠᠷ ᠬᠠᠮᠤᠭ | ᠥᠨᠳᠦᠷ ᠪᠣᠯᠬᠤ ︽ᠪᠣᠬᠢᠷᠳᠤᠯ ᠦᠭᠡᠢ ᠴᠠᠬᠢᠯᠭᠠᠨ ᠬᠦᠩᠭᠡᠨᠴᠠᠭᠠᠨ︾ ᠤ ᠦᠢᠯᠡᠳᠪᠦᠷᠢᠯᠡᠯ ᠤᠨ ᠱᠤᠭᠤᠮ ᠪᠣᠯᠤᠨ᠎ᠠ᠃ | ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶ | 9 ᠳ᠋ᠦ᠋ᠭᠡᠷ ᠰᠠᠷ᠎ᠠ ᠶᠢᠨ 25 ᠤ ᠡᠳᠦᠷ᠂ ︽ᠰᠢᠨ᠎ᠡ ᠶᠢ ᠡᠭᠦᠳᠴᠦ ᠬᠠᠮᠵᠢᠯᠴᠠᠨ ᠴᠢᠳᠠᠪᠤᠷᠢᠲᠠᠨ ᠬᠥᠮᠦᠵᠢᠭᠦᠯᠬᠦ | ᠰᠢᠨ᠎ᠡ ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠰᠢᠨ᠎ᠡ | ᠬᠠᠭᠤᠳᠠᠰᠤ ᠶᠢ ᠬᠠᠮᠲᠤ ᠪᠠᠷ ᠵᠢᠷᠤᠭᠯᠠᠶ᠎ᠠ︾ ᠭᠡᠬᠦ ᠶᠡᠭᠡ ᠳᠡᠭᠡᠳᠦ ᠰᠤᠷᠭᠠᠭᠤᠯᠢ ᠨᠤᠭᠤᠳ ᠤᠨ ᠵᠠᠬᠢᠷᠤᠯ ᠨᠠᠷ ᠤᠨ | ᠣᠷᠤᠯᠴᠠᠭᠰᠠᠨ ᠲᠣᠭᠤᠷᠢᠭ ᠰᠢᠷᠡᠭᠡᠨ ᠤ ᠬᠤᠷᠠᠯ ᠣᠷᠳᠣᠰ ᠬᠤᠲᠠ ᠳᠤ ᠬᠤᠷᠠᠯᠳᠤᠵᠤ᠂ ᠲᠤᠰ ᠬᠤᠷᠠᠯ ᠳᠡᠭᠡᠷ᠎ᠡ | ᠣᠷᠳᠣᠰ ᠬᠤᠲᠠ ᠨᠢ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠯᠤᠭ᠎ᠠ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠦᠪᠯᠡᠯᠴᠡᠭᠡᠷ ᠲᠣᠭᠲᠠᠬᠤ ᠶᠣᠰᠣᠯᠠᠯ ᠶᠠᠪᠤᠭᠤᠯᠪᠠ᠃ ︵ᠤᠷᠳᠤᠰ | ᠬᠤᠳᠠ ᠶᠢᠨ ᠵᠠᠰᠠᠭ ᠤᠨ ᠣᠷᠳᠣᠨ︶ | 9 ᠳ᠋ᠦ᠋ᠭᠡᠷ ᠰᠠᠷ᠎ᠠ ᠶᠢᠨ 24 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠶᠤᠸᠠᠨ ᠾᠧ | ᠬᠠᠷᠢᠯᠴᠠᠨ ᠦᠢᠯᠡᠳᠦᠯᠴᠡᠬᠦ ᠪᠣᠬᠢᠷᠲᠤᠯ ᠥᠬᠡᠶ ᠲᠣᠮᠣ ᠳ᠋ᠠᠶᠢᠲ᠋ᠠ ᠶᠢᠨ ᠲᠥᠪ ᠤᠨ ᠵᠢᠱᠢᠶ᠎ᠡ ᠦᠵᠡᠭᠦᠯᠬᠦ ᠲᠥᠷᠥᠯ | ᠵᠦᠢᠯ ᠤᠨ 110kV ᠭᠠᠳᠠᠭᠰᠢ ᠬᠦᠷᠭᠡᠬᠦ ᠱᠤᠭᠤᠮ ᠨᠢ ᠤᠷᠤᠭᠰᠢᠲᠠᠶ ᠪᠠᠷ ᠴᠠᠬᠢᠯᠭᠠᠨ ᠬᠦᠷᠭᠡᠵᠦ ᠠᠰᠢᠭᠯᠠᠯᠲᠠ ᠳᠤ | ᠣᠷᠣᠪᠠ᠃ ︵ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ︶ | 9 ᠳ᠋ᠦ᠋ᠭᠡᠷ ᠰᠠᠷ᠎ᠠ ᠶᠢᠨ 24 ᠤ ᠡᠳᠦᠷ ᠪᠣᠯᠲᠠᠯ᠎ᠠ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 3030.99 ᠲᠦᠮᠡᠨ ᠲᠣᠨ ᠢ | ᠪᠡᠶᠡᠯᠡᠭᠦᠯᠵᠦ᠂ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠠᠳᠠᠯᠢ ᠬᠤᠭᠤᠴᠠᠭᠠᠨ ᠤ ᠬᠢ ᠠᠴᠠ 12. | 56% ᠪᠠᠷ ᠨᠡᠮᠡᠭᠳᠡᠪᠡ᠃ ︵ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ︶ |