1 — 8 ᠳ᠋ᠤᠭᠠᠷ ᠰᠠᠷ᠎ᠠ ᠳᠤ ᠪᠥᠬᠦ ᠣᠷᠣᠨ ᠤ ᠡᠨᠧᠷᠭᠢ ᠶᠢᠨ ᠬᠦᠷᠢᠶᠡᠨ ᠳᠠᠬᠢ ᠴᠢᠬᠤᠯᠠ ᠶᠡᠭᠡ ᠲᠥᠷᠥᠯ | ᠵᠦᠢᠯ ᠤᠨ ᠠᠬᠢᠴᠠ ᠤᠷᠤᠭᠰᠢᠲᠠᠶ ᠶᠠᠪᠤᠭᠳᠠᠵᠤ ᠪᠠᠶᠢᠨ᠎ᠠ ᠃ ᠡᠨᠡ ᠵᠢᠯ ᠪᠥᠬᠦ ᠣᠷᠣᠨ ᠤ ᠡᠨᠧᠷᠭᠢ ᠶᠢᠨ | ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠤᠨ ᠣᠨ ᠤ ᠲᠥᠯᠥᠪᠯᠡᠭᠡ ᠳᠤ 3360 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠂ 1 — 8 ᠳ᠋ᠤᠭᠠᠷ ᠰᠠᠷ᠎ᠠ ᠳᠤ ᠨᠡᠶᠢᠲᠡ 2374.5 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠠᠴᠠ | 20% ᠪᠠᠷ ᠨᠡᠮᠡᠭᠳᠡᠵᠦ ᠂ ᠪᠥᠬᠦ ᠵᠢᠯ ᠳᠠᠬᠢ ᠪᠠᠯᠠ ᠣᠷᠣᠭᠤᠯᠤᠯᠲᠠ ᠶᠢᠨ ᠲᠥᠯᠥᠪᠯᠡᠭᠡ ᠶᠢᠨ ᠢᠶᠠᠨ 71% ᠶᠢ | ᠡᠵᠡᠯᠡᠪᠡ ᠃ ᠡᠭᠦᠨ ᠳᠤ ᠂ ᠡᠨᠧᠷᠭᠢ ᠶᠢᠨ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ ᠶᠢ 1500 | ᠳ᠋ᠦᠩᠰᠢᠭᠤᠷ ᠲᠥᠭᠦᠷᠢᠭ ᠪᠡᠶᠡᠯᠡᠭᠦᠯᠵᠦ ᠂ ᠲᠥᠬᠦᠭᠡᠷᠦᠮᠵᠢ ᠬᠤᠳᠠᠯᠳᠤᠨ ᠠᠪᠬᠤ ᠦᠨ᠎ᠡ ᠬᠠᠩᠰᠢ ᠶᠡᠭᠡ ᠪᠠᠷ | ᠪᠠᠭᠤᠷᠠᠭᠰᠠᠨ ᠪᠠ ᠨᠢᠳᠤᠨᠤᠨ ᠤ ᠪᠡᠯᠡ ᠣᠷᠣᠭᠤᠯᠤᠯᠲᠠ ᠶᠢᠨ ᠰᠠᠭᠤᠷᠢ ᠲᠤᠭ᠎ᠠ ᠨᠢ ᠦᠨᠳᠦᠷ ᠂ ᠦᠰᠦᠯᠲᠡ ᠨᠢ | ᠥᠨᠳᠥᠷ ︵ᠦᠰᠦᠯᠲᠡ ᠶᠢᠨ ᠨᠤᠷᠮ᠎ᠠ 70%︶ ᠪᠠᠶᠢᠭᠰᠠᠨ ᠰᠠᠭᠤᠷᠢᠨ ᠳᠡᠭᠡᠷ᠎ᠡ ᠂ ᠮᠥᠨ ᠬᠦ 8% ᠪᠠᠷ | ᠨᠡᠮᠡᠭᠳᠡᠭᠦᠯᠵᠦ ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢ ᠦᠢᠯᠡᠳᠬᠦ ᠲᠥᠷᠥᠯ ᠵᠦᠢᠯ ᠳᠤ 874.5 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠠᠴᠠ | 68% ᠪᠠᠷ ᠨᠡᠮᠡᠭᠳᠡᠪᠡ ᠃ ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠳᠤ ᠨᠡᠶᠢᠲᠡ | 1961.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ ᠂ 23% ᠪᠠᠷ ᠨᠡᠮᠡᠭᠳᠡᠨ ᠂ ᠪᠥᠬᠦ | ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ 83% ᠶᠢ ᠡᠵᠡᠯᠡᠪᠡ ᠃ 1 — 8 ᠳ᠋ᠤᠭᠠᠷ ᠰᠠᠷ᠎ᠠ ᠳᠤ ᠨᠢᠭᠡᠨᠲᠡ | ᠠᠰᠢᠭᠯᠠᠯᠲᠠ ᠳᠤ ᠣᠷᠣᠭᠰᠠᠨ ︵ᠲᠣᠣᠷ ᠲᠤ ᠨᠡᠶᠢᠯᠡᠭᠦᠯᠦᠭᠰᠡᠨ︶ ᠡᠨᠧᠷᠭᠢ ᠶᠢᠨ ᠴᠢᠬᠤᠯᠠ ᠶᠡᠭᠡ ᠲᠥᠷᠥᠯ ᠵᠦᠢᠯ | 35 ᠪᠠᠶᠢᠵᠤ ᠂ ᠪᠥᠬᠦ ᠣᠷᠣᠨ ᠤ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ ᠶᠢᠨ | ᠪᠠᠭᠲᠠᠭᠠᠮᠵᠢ 1310 ᠲᠦᠮᠡᠨ ᠺᠢᠯᠣᠸᠠᠲ ᠲᠤ ᠬᠦᠷᠴᠦ ᠂ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠦᠭᠰᠡᠨ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 10633 ᠲᠦᠮᠡᠨ ᠺᠢᠯᠣᠸᠠᠲ ᠲᠤ ᠬᠦᠷᠪᠡ ᠃ ︵ᠡᠨᠧᠷᠭᠢ ᠶᠢᠨ | ᠲᠣᠪᠴᠢᠶ᠎ᠠ︶ | |