ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠵᠤ ᠠᠬᠤᠶ ᠶᠢᠨ ᠪᠠᠶᠢᠭᠤᠯᠤᠯ ᠪᠤᠯᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/27
   ᠸᠠᠩ ᠯᠢ ᠰᠢᠶᠠ ᠬᠤᠷᠠᠯ ᠢ ᠡᠷᠬᠢᠯᠡᠵᠡᠢ   9 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃   ᠬᠤᠷᠠᠯ ᠠᠴᠠ ᠣᠳᠣᠬᠠᠨ ᠤ ᠠᠵᠤ ᠠᠬᠤᠶ ᠶᠢᠨ ᠪᠠᠶᠢᠳᠠᠯ ᠢ ᠵᠠᠳᠠᠯᠤᠨ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠤ ᠠᠬᠤᠶ ᠶᠢᠨ ᠠᠵᠢᠯ ᠢ ᠪᠠᠶᠢᠷᠢᠯᠠᠭᠤᠯᠵᠤ᠂ ᠡᠯ᠎ᠡ ᠳᠡᠳ᠋ ᠲᠡᠷᠢᠭᠦᠯᠡᠭᠴᠢ ᠶᠢᠨ ᠲᠦᠷᠦᠭᠦᠦ 9 ᠰᠠᠷ᠎ᠠ ᠶᠢᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ︽ᠵᠠᠭᠤᠨ ᠡᠳᠦᠷ ᠤᠨ ᠰᠢᠢᠳᠪᠦᠷᠢᠲᠦ ᠢᠯᠠᠯᠲᠠ ᠶᠢ ᠤᠯᠬᠤ︾ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠤᠯ ᠤᠳᠤᠷᠢᠳᠬᠤ ᠨᠥᠬᠦᠳ ᠤᠨ ᠴᠣᠬᠤᠯᠠᠪᠤᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠰᠣᠨᠣᠰᠴᠤ᠂ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠰᠣᠨᠣᠰᠴᠤ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠱᠠᠯᠠᠪᠳᠠᠨ ᠲᠦᠷᠭᠡᠨ ᠭᠦᠢᠴᠡᠳᠭᠡᠵᠦ᠂ ᠪᠥᠬᠦ ᠵᠢᠯ ᠤᠨ ᠬᠠᠷᠠᠯᠲᠠ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠶ᠃ ᠴᠢᠬᠤᠯᠠ ᠶᠡᠭᠡ ᠲᠥᠷᠥᠯ ᠵᠦᠢᠯ ᠢ ᠲᠣᠪᠤᠶᠢᠮ᠎ᠠ ᠰᠠᠶᠢᠲᠤᠷ ᠠᠳᠬᠤᠵᠤ᠂ ᠠᠵᠢᠯ ᠢᠶᠠᠨ ᠡᠬᠢᠯᠡᠭᠦᠯᠦᠭᠡᠳᠦᠶ ᠶᠢ ᠨᠢ ᠵᠢᠯ ᠤᠨ ᠳᠣᠲᠣᠷ᠎ᠠ ᠠᠵᠢᠯ ᠢᠶᠠᠨ ᠡᠬᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠢᠭᠡᠨᠲᠡ ᠠᠵᠢᠯ ᠢᠶᠠᠨ ᠡᠬᠢᠯᠡᠭᠦᠯᠦᠭᠰᠡᠨ ᠨᠢ ᠠᠬᠢᠴᠠ ᠪᠠᠨ ᠱᠠᠯᠠᠪᠳᠠᠨ ᠠᠳᠬᠤᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠪᠥᠬᠦ ᠬᠦᠴᠦᠨ ᠢᠶᠠᠷ ᠢᠶᠠᠨ ᠥᠷᠭᠡᠳᠭᠡᠵᠦ᠂ ᠨᠠᠩ ᠣᠯᠠᠨ ᠪᠣᠳᠠᠲᠤ ᠠᠵᠢᠯ ᠤᠨ ᠬᠡᠮᠵᠢᠶ᠎ᠡ ᠶᠢ ᠪᠦᠷᠢᠯᠳᠦᠭᠦᠯᠵᠦ᠂ ᠪᠣᠶ ᠪᠥᠬᠦᠶ ᠲᠥᠷᠥᠯ ᠵᠦᠢᠯ ᠢ ᠨᠢᠬᠡᠳᠬᠡᠪᠡᠯ ᠵᠤᠬᠢᠬᠤ ᠶᠢ ᠨᠢ ᠪᠦᠬᠦᠨ ᠢ ᠨᠢᠭᠡᠳᠭᠡᠬᠦ ᠪᠠᠷ ᠴᠢᠷᠮᠠᠶᠢᠬᠤ ᠬᠡᠷᠡᠭᠲᠡᠶ᠃ ᠭᠤᠣᠯᠳᠠᠯᠭ᠎ᠠ ᠲᠠᠢ ᠢᠨᠵᠧᠨᠧᠷᠢᠩ ᠢ ᠰᠠᠶᠢᠲᠤᠷ ᠠᠳᠬᠤᠵᠤ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ︽ᠵᠢᠷᠭᠤᠭᠠᠨ ᠢᠨᠵᠧᠨᠧᠷᠢᠩ︾ ᠤᠨ ᠣᠨ ᠤ ᠡᠭᠦᠷᠭᠡ ᠶᠢᠨ ᠰᠡᠭᠦᠯ ᠬᠤᠷᠢᠶᠠᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠤᠯᠤᠰ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠢᠳᠡᠪᠬᠢᠲᠡᠶ ᠲᠡᠮᠡᠴᠡᠨ ᠣᠯᠵᠤ᠂ ᠨᠢᠭᠡ ᠪᠦᠯᠦᠭ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠪᠴᠢᠯᠡᠨ ᠭᠠᠷᠭᠠᠵᠤ᠂ ᠬᠥᠭᠵᠢᠯᠲᠡ ᠶᠢᠨ ᠳᠤᠮᠳᠠᠬᠢ ᠠᠰᠠᠭᠤᠳᠠᠯ ᠢ ᠬᠠᠨᠳᠤᠯᠭᠠᠲᠤ ᠴᠢᠨᠠᠷᠲᠠᠶ ᠪᠠᠷ ᠰᠢᠢᠳᠪᠦᠷᠢᠯᠡᠬᠦ ᠬᠡᠷᠡᠭᠲᠡᠶ᠃ ᠲᠠᠩᠰᠠ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠡᠯ᠎ᠡ ᠲᠥᠷᠥᠯ ᠤᠨ ᠬᠢᠨᠠᠯᠲᠠ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠶᠤᠯᠭᠦᠶ ᠦᠢᠯᠡᠳᠪᠦᠷᠢᠯᠡᠯ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠠᠮᠤᠷ ᠤᠨ ᠬᠤᠷᠢᠶᠠᠯᠲᠠ ᠶᠢᠨ ᠠᠵᠢᠯ ᠢ ᠰᠠᠶᠢᠲᠤᠷ ᠬᠢᠵᠦ᠂ ᠮᠥᠬᠦᠯᠢᠭ ᠠᠮᠤ ᠶᠢ ᠴᠤ ᠬᠥᠮᠥᠷᠭᠡ ᠳᠤ ᠣᠷᠣᠭᠤᠯᠬᠤ ᠶᠢ ᠪᠠᠲᠤᠯᠠᠬᠤ ᠬᠡᠷᠡᠭᠲᠡᠶ ᠬᠡᠵᠥ ᠴᠢᠬᠤᠯᠠᠴᠢᠯᠠᠪᠠ᠃   ᠬᠤᠷᠠᠯ ᠠᠴᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠡᠭᠡᠳᠦ ᠬᠢᠵᠠᠭᠠᠷ ᠢ ᠴᠢᠩᠭ᠎ᠠ ᠰᠠᠬᠢᠵᠤ᠂ ᠠᠷᠪᠢᠲᠠᠶ ᠡᠷᠴᠢᠮᠯᠢᠭ ᠠᠰᠢᠭᠯᠠᠬᠤ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠢᠯᠠᠩᠭᠤᠶ᠎ᠠ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠭᠡᠵᠦ᠂ ᠤᠨᠴᠠᠯᠢᠬᠳᠤ ᠳᠠᠪᠠᠭᠤᠯᠢᠭ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠷᠬᠡ ᠶᠢ ᠲᠠᠯᠪᠢᠬᠤ ᠰᠠᠨᠠᠯ ᠢ ᠬᠢᠨᠠᠨ ᠵᠥᠪᠯᠡᠵᠦ ᠪᠠᠲᠤᠯᠠᠨ᠂ ᠲᠥᠷᠥᠯ ᠵᠦᠢᠯ ᠤᠨ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠩᠰᠠ ᠲᠠᠶᠢᠯᠬᠤ ᠲᠠᠰ ᠳᠠᠷᠠᠭᠠᠯᠠᠯ ᠢ ᠳᠥᠭᠦᠮᠴᠢᠯᠡᠨ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠰᠠᠶᠢᠵᠢᠷᠠᠭᠤᠯᠤᠨ᠂ ᠲᠥᠷᠥ ᠶᠢᠨ ᠪᠣᠳᠣᠯᠭ᠎ᠠ ᠶᠢᠨ ᠳᠥᠭᠦᠮ ᠳᠥᠲᠡ ᠴᠢᠨᠠᠷ ᠢᠶᠠᠷ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠨᠠᠩ ᠶᠡᠭᠡ ᠡᠵᠡᠨ ᠮᠡᠳᠡᠬᠦ ᠡᠷᠬᠡ ᠣᠯᠭᠤᠬᠤ ᠬᠡᠷᠡᠭᠲᠡᠶ ᠭᠡᠵᠦ ᠴᠢᠬᠤᠯᠠᠴᠢᠯᠠᠪᠠ᠃ᠬᠤᠷᠠᠯ ᠠᠴᠠ ᠪᠠᠰᠠ ᠠᠵᠤ ᠠᠬᠤᠶᠢᠯᠠᠯ ᠤᠨ ᠥᠷᠢ ᠰᠢᠷᠢ ᠥᠷᠢᠲᠦᠬᠦ ᠠᠰᠠᠭᠤᠳᠠᠯ ᠢ ᠰᠢᠢᠳᠪᠦᠷᠢᠯᠡᠬᠦ᠂ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠠᠵᠢᠯ ᠢ ᠰᠤᠳᠤᠯᠵᠥ᠂ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号