ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠳᠤ ᠪᠠᠶᠢᠭᠤᠯᠤᠯ ᠤᠨ ᠰᠠᠭᠤᠷᠢ ᠶᠢ ᠪᠠᠬᠢᠵᠢᠭᠦᠯᠤᠨᠠᠮ
ᠨᠡᠶᠢᠲᠡᠯᠡᠭᠰᠡᠨ ᠴᠠᠭ᠄
2024/9/27
    — ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠦᠭᠰᠡᠨ ᠲᠤᠬᠠᠢ ᠪᠣᠳᠠᠲᠤ ᠲᠡᠮᠳᠡᠭᠯᠡᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠮᠠᠨ ᠤ ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠮᠥᠨ᠃   70 ᠵᠢᠯ ᠤᠨ ᠡᠮᠦᠨ᠎ᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠰᠢᠨ᠎ᠡ ᠳᠤᠮᠳᠠᠳᠤ ᠤᠯᠤᠰ ᠲᠤ ᠦᠨᠳᠦᠰᠦ ᠬᠠᠳᠬᠤᠨ ᠰᠣᠶᠣᠭᠠᠯᠠᠵᠤ᠂ ᠮᠠᠨ ᠤ ᠤᠯᠤᠰ ᠤᠨ ᠤᠯᠤᠰ ᠲᠦᠷᠦ ᠶᠢᠨ ᠬᠥᠭᠵᠢᠯᠲᠡ ᠶᠢᠨ ᠲᠡᠦᠬᠡ ᠴᠢᠨᠠᠭᠰᠢᠯᠠᠪᠠᠯ ᠳᠡᠯᠡᠬᠡᠢ ᠶᠢᠨ ᠤᠯᠤᠰ ᠲᠦᠷᠦ ᠶᠢᠨ ᠬᠥᠭᠵᠢᠯᠲᠡ ᠶᠢᠨ ᠲᠡᠦᠬᠡᠨ ᠳᠡᠭᠡᠷᠡᠬᠢ ᠴᠢᠬᠤᠯᠠ ᠶᠡᠭᠡ ᠠᠴᠢ ᠬᠤᠯᠪᠣᠭᠳᠠᠯ ᠲᠠᠢ ᠴᠣ ᠰᠢᠨ᠎ᠡ ᠤᠯᠤᠰ ᠲᠦᠷᠦ ᠶᠢᠨ ᠪᠠᠶᠢᠭᠤᠯᠤᠯ ᠪᠣᠯᠪᠠ᠃   70 ᠵᠢᠯ ᠤᠨ ᠲᠤᠷᠰᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠡᠳᠦᠷ ᠢᠷᠡᠬᠦᠶ᠎ᠡ ᠬᠥᠭᠵᠢᠨ ᠲᠡᠭᠦᠯᠳᠡᠷᠵᠢᠵᠦ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠪᠠᠶᠢᠭᠤᠯᠤᠯᠲᠠ ᠪᠣᠯᠤᠨ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠤᠯᠬᠤ ᠶᠢ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠳᠠ ᠦᠭᠡᠢ ᠬᠥᠭᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠪᠠᠲᠤ ᠪᠠᠬᠢ ᠦᠨᠳᠦᠰᠦᠨ ᠤᠯᠤᠰ ᠲᠦᠷᠦ ᠶᠢᠨ ᠪᠠᠶᠢᠭᠤᠯᠤᠯ ᠤᠨ ᠪᠠᠲᠤᠯᠠᠭ᠎ᠠ ᠬᠠᠩᠭᠠᠪᠠ᠃   ᠪᠠᠶᠢᠭᠤᠯᠤᠯ ᠴᠢᠩᠭ᠎ᠠ ᠪᠣᠯ ᠤᠯᠤᠰ ᠬᠦᠴᠦᠷᠬᠡᠭ — ︽ᠪᠢᠳᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠭᠤᠶᠢᠪᠢᠰᠢ ᠦᠭᠡᠢ ᠪᠠᠷᠢᠮᠲᠠᠯᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ    ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠳᠤᠮᠳᠠᠳᠤ ᠤᠯᠤᠰ ᠤᠨ ᠤᠯᠤᠰ ᠤᠨ ᠪᠠᠶᠢᠳᠠᠯ ᠪᠣᠯᠤᠨ ᠪᠣᠳᠠᠲᠤ ᠪᠠᠶᠢᠳᠠᠯ ᠳᠤ ᠨᠡᠶᠢᠴᠡᠵᠦ᠂ ᠨᠡᠶᠢᠭᠡᠮ ᠵᠢᠷᠤᠮᠲᠤ ᠤᠯᠤᠰ ᠤᠨ ᠰᠢᠨᠵᠢ ᠴᠢᠨᠠᠷ ᠢ ᠢᠯᠡᠷᠡᠭᠦᠯᠵᠦ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢ ᠪᠠᠲᠤᠯᠠᠬᠤ ᠰᠠᠶᠢᠨ ᠪᠠᠶᠢᠭᠤᠯᠤᠯ ᠪᠣᠯᠤᠨ᠎ᠠ︾᠃2014 ᠣᠨ ᠤ 9 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃  ᠡᠳᠦᠷ ᠬᠤᠨᠤᠭ ᠥᠩᠭᠡᠷᠡᠨ ᠣᠳᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠲᠤᠮᠤ ᠠᠯᠬᠤᠭ᠎ᠠ ᠪᠠᠷ ᠤᠷᠤᠭᠰᠢᠯᠠᠪᠠ᠃ 2024 ᠣᠨ ᠤ 7 ᠰᠠᠷ᠎ᠠ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠬᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ᠠᠴᠠ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠠᠵᠢᠯᠯᠠᠭᠤᠯᠬᠤ︾ ᠲᠤᠬᠠᠢ ᠴᠢᠬᠤᠯᠠ ᠪᠠᠶᠢᠷᠢᠯᠠᠭᠤᠯᠤᠯᠲᠠ ᠬᠢᠵᠡᠢ᠃   ᠤᠷᠤᠬᠰᠢᠯᠠᠯᠳᠠ ᠶᠢᠨ ᠶᠠᠪᠤᠴᠠ ᠳᠤ ᠶᠠᠪᠤᠵᠤ ᠥᠩᠭᠡᠷᠡᠭᠰᠡᠨ ᠵᠠᠮ ᠢᠶᠠᠨ ᠮᠠᠷᠲᠠᠵᠤ ᠪᠣᠯᠬᠤ ᠦᠭᠡᠢ᠃   ᠡᠨᠡ ᠪᠣᠯ ᠲᠡᠦᠬᠡ ᠶᠢᠨ ᠬᠠᠭᠤᠳᠠᠰᠤ ᠶᠢ ᠭᠡᠶᠢᠭᠦᠯᠦᠭᠰᠡᠨ ᠨᠢᠭᠡ ᠡᠳᠦᠷ —1954 ᠣᠨ ᠤ 9 ᠰᠠᠷ᠎ᠠ ᠶᠢᠨ 15 ᠤ ᠡᠳᠦᠷ᠂ ᠵᠦᠩ ᠨᠠᠨ ᠬᠠᠢ ᠶᠢᠨ ᠬᠤᠸᠠᠢ ᠷᠧᠨ ᠲᠠᠩ ᠳᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠢᠩᠭ᠎ᠠ ᠭᠠᠷᠤᠢ ᠲᠥᠯᠥᠭᠡᠯᠡᠭᠴᠢ 6 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠡᠪᠦᠷᠯᠡᠨ ᠬᠤᠷᠠᠯ ᠤᠨ ᠲᠠᠯᠠᠪᠠᠢ ᠳᠤ ᠠᠯᠬᠤᠨ ᠣᠷᠣᠵᠤ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠦᠪᠡᠳᠡᠭᠰᠢ ᠶᠡᠭᠡ ᠪᠠᠷ ᠡᠬᠢᠯᠡᠪᠡ᠃   ᠬᠤᠷᠠᠯ ᠠᠴᠠ ᠰᠢᠨ᠎ᠡ ᠳᠤᠮᠳᠠᠳᠤ ᠤᠯᠤᠰ ᠤᠨ ᠠᠩᠬᠠᠳᠠᠭᠴᠢ ᠦᠨᠳᠦᠰᠦᠨ ᠬᠠᠤᠯᠢ ᠶᠢ ᠪᠠᠲᠤᠯᠠᠪᠠ᠃ ᠡᠭᠦᠨ ᠠᠴᠠ ᠡᠬᠢᠯᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠭᠡᠬᠦ ᠡᠨᠡ ᠬᠦ ᠦᠨᠳᠦᠰᠦᠨ ᠤᠯᠤᠰ ᠲᠦᠷᠦ ᠶᠢᠨ ᠪᠠᠶᠢᠭᠤᠯᠤᠯ ᠢ ᠳᠤᠮᠳᠠᠳᠤ ᠤᠯᠤᠰ ᠲᠤ ᠵᠢᠩᠬᠢᠨᠢ ᠪᠠᠷ ᠪᠠᠶᠢᠭᠤᠯᠪᠠ᠃   ᠶᠡᠷᠦᠩᠬᠡᠢ ᠱᠦᠵᠢ ᠰᠢ ᠶᠢᠨ ᠫᠢᠩ᠂ ᠳᠤᠮᠳᠠᠳᠤ ᠤᠯᠤᠰ ᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠬᠡᠷᠡᠭᠵᠢᠭᠦᠯᠦᠭᠰᠡᠨ ᠶᠠᠪᠤᠳᠠᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠬᠥᠮᠦᠨ ᠲᠥᠷᠥᠯᠬᠢᠲᠡᠨ ᠤ ᠤᠯᠤᠰ ᠲᠦᠷᠦ ᠶᠢᠨ ᠪᠠᠶᠢᠭᠤᠯᠤᠯ ᠤᠨ ᠲᠡᠦᠬᠡᠨ ᠳᠡᠭᠡᠷᠡᠬᠢ ᠠᠭᠤᠤ ᠶᠡᠭᠡ ᠡᠭᠦᠳᠦᠯᠲᠡ ᠮᠥᠨ᠂ ᠤᠢᠢᠷ᠎ᠠ ᠦᠶ᠎ᠡ ᠠᠴᠠ ᠨᠠᠭᠠᠰᠢᠬᠢ ᠳᠤᠮᠳᠠᠳᠤ ᠤᠯᠤᠰ ᠤᠨ ᠤᠯᠤᠰ ᠲᠦᠷᠦ ᠶᠢᠨ ᠠᠮᠢᠳᠤᠷᠠᠯ ᠤᠨ ᠬᠠᠷᠠᠰᠠᠯᠳᠤ ᠰᠤᠷᠭᠠᠮᠵᠢ ᠶᠢ ᠭᠦᠨᠵᠡᠭᠡᠢ ᠳ᠋ᠦᠩᠨᠡᠭᠡᠳ ᠣᠯᠤᠭᠰᠠᠨ ᠦᠨᠳᠦᠰᠦᠨ ᠳ᠋ᠦᠩᠨᠡᠯᠲᠡ ᠮᠥᠨ᠂ ᠳᠤᠮᠳᠠᠳᠤ ᠤᠯᠤᠰ ᠤᠨ ᠨᠡᠶᠢᠭᠡᠮ ᠤᠨ 100 ᠭᠠᠷᠤᠢ ᠵᠢᠯ ᠤᠨ ᠰᠢᠷᠦᠭᠦᠨ ᠬᠤᠪᠢᠰᠤᠯᠲᠠ᠂ ᠳᠤᠯᠬᠢᠶᠠᠯᠠᠬᠰᠠᠨ ᠬᠥᠭᠵᠢᠯᠲᠡ ᠶᠢᠨ ᠲᠡᠦᠬᠡᠨ ᠦᠷ᠎ᠡ ᠳ᠋ᠦᠩ ᠮᠥᠨ᠂ ᠳᠤᠮᠳᠠᠳᠤ ᠤᠯᠤᠰ ᠤᠨ ᠠᠷᠠᠳ ᠲᠦᠮᠡᠨ ᠤ ᠡᠷᠬᠡ ᠴᠢᠯᠥᠭᠡ ᠪᠠᠨ ᠣᠯᠵᠤ ᠡᠵᠡᠨ ᠰᠠᠭᠤᠬᠤ᠂ ᠥᠪᠡᠷ ᠤᠨ ᠬᠤᠪᠢ ᠵᠠᠶᠠᠭ᠎ᠠ ᠪᠠᠨ ᠡᠵᠡᠮᠰᠢᠬᠦ ᠶᠢᠨ ᠵᠠᠶᠢᠯᠠᠰᠢ ᠦᠭᠡᠢ ᠰᠣᠩᠭᠤᠯᠲᠠ ᠮᠥᠨ ᠭᠡᠵᠦ ᠭᠦᠨᠵᠡᠭᠡᠢ ᠵᠢᠭᠠᠵᠤ ᠭᠠᠷᠭᠠᠪᠠ᠃   70 ᠵᠢᠯ ᠤᠨ ᠲᠡᠮᠡᠴᠡᠯ ᠤᠨ ᠠᠶᠠᠨ᠂ 70 ᠵᠢᠯ ᠤᠨ ᠰᠦᠷ ᠳᠠᠯᠠᠶᠢᠴᠠᠲᠠᠢ ᠠᠶᠠᠯᠠᠯ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠶᠠᠪᠤᠬᠤ ᠲᠤᠳᠤᠮ ᠰᠢᠨᠡᠳᠪᠡ᠃   ᠬᠤᠲᠠ ᠬᠥᠳᠡᠭᠡ ᠳᠤ ᠠᠳᠠᠯᠢ ᠬᠥᠮᠦᠨ ᠠᠮᠠ ᠶᠢᠨ ᠬᠠᠷᠢᠴᠠᠯ ᠢᠶᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠶᠢ ᠪᠡᠶᠡᠯᠡᠭᠦᠯᠵᠦ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠰᠢᠶᠠᠩ ᠤᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ 12 ᠤᠳᠠᠭ᠎ᠠ ᠰᠢᠭᠤᠳ ᠰᠣᠩᠭᠤᠵᠤ ᠂ ᠰᠢᠶᠠᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ 11 ᠤᠳᠠᠭ᠎ᠠ ᠰᠢᠭᠤᠳ ᠰᠣᠩᠭᠤᠪᠠ︔   ᠤᠯᠤᠰ ᠤᠨ ᠬᠠᠤᠯᠢ ᠲᠣᠭᠲᠠᠭᠠᠬᠤ ᠠᠵᠢᠯ ᠯᠠᠪᠳᠠᠭᠤᠨ ᠪᠠᠲᠤᠲᠠᠢ ᠶᠠᠪᠤᠭᠳᠠᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠬᠠᠤᠯᠢ ᠴᠠᠭᠠᠵᠠ 300 ᠶᠢ ᠳᠠᠪᠠᠪᠠ︔ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ ᠡᠭᠦᠳᠴᠦ᠂ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠳᠤ ᠲᠠᠯᠪᠢᠬᠤ ᠬᠢᠨᠠᠯᠲᠠ ᠪᠠᠨ ᠬᠠᠤᠯᠢ ᠶᠣᠰᠣᠭᠠᠷ ᠴᠢᠩᠭᠠᠳᠬᠠᠪᠠ︔   ︽ᠪᠠᠶᠢᠭᠤᠯᠤᠯ ᠲᠣᠭᠲᠠᠭᠤᠨ ᠪᠣᠯ ᠤᠯᠤᠰ ᠣᠷᠣᠨ ᠲᠣᠭᠲᠠᠭᠤᠨ᠂ ᠪᠠᠶᠢᠭᠤᠯᠤᠯ ᠴᠢᠩᠭ᠎ᠠ ᠪᠣᠯ ᠤᠯᠤᠰ ᠣᠷᠣᠨ ᠬᠦᠴᠦᠷᠬᠡᠭᠵᠢᠨ᠎ᠡ︾᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠣᠨᠣᠯ ᠪᠠ ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠦᠷᠭᠦᠯᠵᠢᠯᠡᠨ ᠠᠬᠢᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠦᠲᠦᠯᠦᠨ ᠳᠠᠭᠠᠭᠤᠯᠵᠤ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠨᠡᠩ ᠪᠣᠯᠪᠠᠰᠤᠷᠠᠩᠭᠤᠢ ᠪᠤᠯᠵᠤ ᠲᠣᠭᠲᠠᠪᠤᠷᠢᠵᠢᠪᠠ᠃   2021 ᠣᠨ ᠤ 10 ᠰᠠᠷ᠎ᠠ ᠶᠢᠨ 13 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ︽ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ︾ ᠢᠶᠠᠷ ᠨᠡᠷᠡᠶᠢᠳᠦᠭᠰᠡᠨ ᠬᠤᠷᠠᠯ ᠨᠢ ᠨᠠᠮ ᠤᠨ ᠲᠡᠦᠬᠡᠨ ᠳᠡᠭᠡᠷ᠎ᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠲᠡᠦᠬᠡᠨ ᠳᠡᠭᠡᠷ᠎ᠡ ᠪᠦᠷ ᠠᠩᠬ᠎ᠠ ᠤᠳᠠᠭ᠎ᠠ ᠶᠤᠮ᠃   ᠡᠨᠡ ᠤᠳᠠᠭ᠎ᠠ ᠶᠢᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠬᠥᠭᠵᠢᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠤᠢᠢᠯᠠᠭᠠᠭᠳᠠᠬᠤᠨ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠵᠢᠯᠣᠭᠤᠳᠬᠤ ᠦᠵᠡᠯ ᠰᠠᠨᠠᠭ᠎ᠠ᠂ ᠴᠢᠬᠤᠯᠠ ᠶᠡᠭᠡ ᠵᠠᠷᠴᠢᠮ ᠪᠠ ᠭᠤᠣᠯ ᠠᠵᠢᠯ ᠢ ᠲᠣᠳᠣᠷᠬᠠᠢ ᠳᠤᠷᠠᠳᠤᠭᠰᠠᠨ ᠨᠢ ᠮᠠᠨ ᠤ ᠨᠠᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠰᠢᠨ᠎ᠡ ᠦᠨᠳᠦᠷᠴᠡ ᠳᠤ ᠬᠦᠷᠦᠭᠰᠡᠨ ᠢ ᠬᠠᠷᠠᠭᠤᠯᠵᠤ ᠪᠠᠶᠢᠨ᠎ᠠ᠃   ᠠᠭᠤᠤ ᠶᠡᠭᠡ ᠦᠢᠯᠡᠰ ᠪᠣᠯᠬᠤ ᠲᠤᠳᠤᠮ ᠪᠠᠲᠤ ᠴᠢᠩᠭ᠎ᠠ ᠵᠠᠯᠠᠭᠤᠷ ᠢ ᠡᠵᠡᠮᠳᠡᠨ ᠠᠶᠠᠯᠠᠯ ᠢ ᠳᠠᠭᠠᠭᠤᠯᠬᠤ ᠶᠢ ᠤᠯᠠᠮ ᠱᠠᠭᠠᠷᠳᠠᠨ᠎ᠠ᠃   ᠶᠡᠷᠦᠩᠬᠡᠢ ᠱᠦᠵᠢ ᠰᠢ ᠶᠢᠨ ᠫᠢᠩ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠪᠠᠶᠢᠭᠤᠯᠤᠯᠲᠠ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠠᠯᠢ ᠤᠯᠠᠨ ᠴᠢᠬᠤᠯᠠ ᠥᠭᠦᠯᠡᠯᠲᠡ ᠨᠡᠶᠢᠲᠡᠯᠡᠵᠦ᠂ ᠠᠯᠢ ᠤᠯᠠᠨ ᠴᠢᠬᠤᠯᠠ ᠵᠢᠭᠠᠪᠤᠷᠢ ᠥᠭᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ ᠥᠭᠪᠡ᠃   ᠦᠵᠡᠯ ᠰᠠᠨᠠᠭ᠎ᠠ ᠲᠠᠨᠢᠯᠲᠠ ᠪᠠᠨ ᠲᠣᠳᠣᠷᠬᠠᠶᠢᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠶᠢ ᠲᠤᠩᠬᠠᠭᠯᠠᠵᠤ᠂ ︽ᠦᠨᠳᠦᠰᠦᠨ ᠬᠠᠤᠯᠢ ᠳᠤ ᠲᠣᠭᠲᠠᠭᠠᠭᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠤᠨ ᠲᠦᠷᠦ ᠶᠢᠨ ᠪᠦᠲᠦᠴᠡ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠵᠠᠰᠠᠭ ᠤᠨ ᠪᠦᠲᠦᠴᠡ ᠶᠢ ᠭᠤᠶᠢᠪᠢᠰᠢ ᠦᠭᠡᠢ ᠪᠠᠷᠢᠮᠲᠠᠯᠠᠵᠤ᠂ ᠶᠠᠭᠠᠬᠢᠭᠰᠠᠨ ᠴᠤ ᠪᠤᠰᠤᠳ ᠤᠯᠤᠰ ᠤᠨ ᠬᠡᠪ ᠵᠠᠭᠪᠤᠷ ᠪᠣᠯᠤᠨ ᠠᠷᠭ᠎ᠠ ᠬᠢᠳᠡᠯ ᠢ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠬᠦ ᠦᠭᠡᠢ︾ ᠭᠡᠵᠦ ᠵᠢᠭᠠᠵᠤ ᠭᠠᠷᠭᠠᠪᠠ᠃   ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ︽ᠡᠯ᠎ᠡ ᠱᠠᠲᠤᠨ ᠤ ᠨᠠᠮ ᠤᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠨᠠᠮ ᠠᠴᠠ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠠᠵᠢᠯ ᠢ ᠤᠳᠤᠷᠢᠳᠬᠤ ᠪᠠᠶᠢᠭᠤᠯᠤᠯ ᠢ ᠲᠡᠭᠦᠯᠳᠡᠷᠵᠢᠭᠦᠯᠬᠦ ᠬᠡᠷᠡᠭᠲᠡᠶ︾ ᠭᠡᠵᠦ ᠱᠠᠭᠠᠷᠳᠠᠪᠠ᠃   ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠢ ᠵᠢᠯᠣᠭᠤᠳᠴᠤ᠂ ᠴᠢᠬᠤᠯᠠ ᠵᠢᠭᠠᠪᠤᠷᠢ ᠭᠠᠷᠭᠠᠵᠤ᠂ ︽ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ ᠵᠡᠷᠭᠡ ᠠᠵᠢᠯ ᠢ ᠪᠦᠲᠦᠭᠡᠯᠴᠢ ᠪᠠᠷ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠥᠭᠡᠷᠡᠴᠢᠯᠡᠯᠲᠡ ᠶᠢᠨ ᠪᠤᠭᠤᠮᠳᠠ ᠰᠢᠪᠳᠤᠯᠬᠤ ᠡᠭᠦᠷᠭᠡ ᠳᠤ ᠨᠡᠩ ᠰᠠᠶᠢᠨ ᠬᠦᠴᠦ ᠨᠡᠮᠡᠷᠢᠯᠡᠬᠦ ᠬᠡᠷᠡᠭᠲᠡᠢ︾ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号