ᠰᠢ ᠶᠢᠨ ᠫᠢᠩ ᠫᠦ ᠡᠯ ᠤᠨ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠬᠥᠰᠢᠶ᠎ᠡ ᠳᠤ ᠲᠠᠩᠭᠠᠷᠢᠬᠯᠠᠬᠰᠠᠳ ᠤᠨ ᠲᠦᠯᠦᠭᠡᠯᠡᠭᠴᠢᠳ ᠤᠨ ᠬᠤᠶᠢᠴᠢ ᠦᠶ᠎ᠡ ᠶᠢᠨ ᠬᠢᠨ ᠳᠤ ᠬᠠᠷᠢᠭᠤ ᠵᠠᠬᠢᠳᠠᠯ ᠢᠯᠡᠭᠡᠵᠤ ᠵᠣᠷᠢᠭᠵᠢᠭᠤᠯᠤᠬᠰᠡᠨ ᠨᠢ ᠠᠬᠠᠮᠠᠳ ᠦᠶ᠎ᠡ ᠶᠢᠨ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠵᠤ ᠲᠠᠩᠭᠠᠷᠢᠭ ᠤᠨ ᠬᠥᠰᠢᠶ᠎ᠡ ᠶᠢᠨ ᠥᠯᠢᠭᠡᠷ ᠢ ᠨᠠᠩ ᠰᠠᠶᠢᠲᠤᠷ ᠦᠷᠭᠦᠯᠵᠢᠯᠡᠨ ᠪᠢᠴᠢᠭᠯᠡᠵᠤ ᠦᠨᠳᠦᠰᠦᠲᠡᠨ ᠤ ᠪᠦᠯᠬᠦᠮᠳᠡᠯ ᠤᠨ ᠢᠷᠠᠭᠤ ᠲᠠᠭᠤᠷᠢᠰᠬᠠᠯ ᠢ ᠦᠶ᠎ᠡ ᠶᠢᠨ ᠦᠶ᠎ᠡ ᠳᠤ ᠤᠯᠠᠮᠵᠢᠯᠠᠳᠤᠭᠠᠢ
ᠨᠡᠶᠢᠲᠡᠯᠡᠭᠰᠡᠨ ᠴᠠᠭ᠄
2024/9/27
   ᠣᠶᠢᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠫᠦ ᠡᠯ ᠤᠨ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠬᠥᠰᠢᠶ᠎ᠡ ᠳᠤ ᠲᠠᠩᠭᠠᠷᠢᠬᠯᠠᠬᠰᠠᠳ ᠤᠨ ᠲᠦᠯᠦᠭᠡᠯᠡᠭᠴᠢᠳ ᠤᠨ ᠬᠤᠶᠢᠴᠢ ᠦᠶ᠎ᠡ ᠶᠢᠨ ᠬᠢᠨ ᠳᠤ ᠬᠠᠷᠢᠭᠤ ᠵᠠᠬᠢᠳᠠᠯ ᠢᠯᠡᠭᠡᠵᠦ᠂ ᠳᠣᠲᠣᠨᠣ ᠪᠠᠷ ᠵᠣᠷᠢᠭᠵᠢᠭᠤᠯᠬᠤ ᠶᠢᠨ ᠬᠠᠮᠲᠤ ᠳᠡᠳᠡᠨᠤᠰ ᠲᠧ ᠴᠢᠩ ᠰᠡᠳᠭᠢᠯ ᠤᠨ ᠬᠦᠰᠡᠯ ᠨᠠᠶᠢᠳᠠᠯᠭ᠎ᠠ ᠳᠤᠷᠠᠳᠴᠠᠶ᠃   ᠰᠢ ᠶᠢᠨ ᠫᠢᠩ᠂ 1951 ᠣᠨ ᠳᠤ ᠲᠠᠨ ᠤ ᠠᠬᠠᠮᠠᠳ ᠦᠶ᠎ᠡ ᠶᠢᠨ ᠬᠢᠨ ᠢ ᠪᠠᠭᠲᠠᠭᠠᠭᠰᠠᠨ ᠦᠨᠳᠦᠰᠦᠲᠡᠨ ᠨᠦᠭᠦᠳ ᠤᠨ ᠲᠥᠯᠥᠭᠡᠯᠡᠭᠴᠢᠳ ᠬᠥᠰᠢ᠊ ᠡᠶ᠎ᠡ ᠪᠤᠰᠬᠠᠨ ᠲᠠᠩᠭᠠᠷᠢᠭᠯᠠᠵᠤ᠂ ᠨᠢᠭᠡ ᠰᠡᠳᠭᠢᠯ ᠨᠢᠭᠡ ᠵᠣᠷᠢᠭ ᠢᠶᠠᠷ ᠨᠠᠮ ᠢᠶᠠᠨ ᠲᠠᠭᠠᠵᠤ ᠶᠠᠪᠤᠬᠤ ᠲᠠᠩᠭᠠᠷᠢᠭ ᠢᠶᠠᠨ ᠲᠥᠪ ᠴᠢᠩᠭ᠎ᠠ ᠪᠠᠷ ᠢᠯᠡᠳᠭᠡᠪᠡ᠃ 70 ᠭᠠᠷᠤᠢ ᠵᠢᠯ ᠤᠨ ᠲᠤᠷᠰᠢ᠂ ᠦᠨᠳᠦᠰᠦᠲᠡᠨ ᠨᠦᠭᠦᠳ ᠤᠨ ᠤᠯᠠᠨ ᠲᠦᠮᠡᠨ ᠨᠢᠭᠡ ᠰᠡᠳᠭᠢᠯ ᠢᠶᠠᠷ ᠨᠠᠮ ᠢᠶᠠᠨ ᠬᠦᠷᠢᠶᠠᠯᠠᠵᠤ᠂ ᠪᠦᠯᠬᠦᠮᠳᠡᠨ ᠲᠡᠮᠡᠴᠡᠵᠦ᠂ ᠬᠢᠯᠢ ᠬᠢᠵᠠᠭᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠲᠡᠦᠬᠡᠲᠦ ᠴᠢᠨᠠᠷᠲᠠᠢ ᠠᠮᠵᠢᠯᠲᠠ ᠤᠯᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠮᠢᠳᠤᠯᠢᠭ ᠬᠠᠭᠤᠳᠠᠰᠤ ᠶᠢ ᠪᠢᠴᠢᠭᠯᠡᠵᠠᠢ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠥᠨ᠂ ᠲᠠᠪᠢᠨ ᠵᠢᠷᠭᠤᠭᠠᠨ ᠦᠨᠳᠦᠰᠦᠲᠡᠨ ᠪᠣᠯ ᠳᠠᠷᠤᠢ ᠬᠠᠷᠢᠯᠴᠠᠨ ᠬᠠᠶᠢᠷᠠᠯᠠᠵᠤ ᠬᠠᠯᠠᠮᠵᠢᠯᠠᠬᠤ ᠨᠢᠭᠡ ᠭᠡᠷ ᠤᠨ ᠬᠥᠮᠦᠨ ᠮᠥᠨ᠃ ᠲᠠ ᠨᠠᠷ ᠤᠨ ᠠᠬᠠᠮᠠᠳ ᠦᠶ᠎ᠡ ᠶᠢᠨ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠲᠠᠩᠭᠠᠷᠢᠭ ᠤᠨ ᠬᠥᠰᠢᠶ᠎ᠡ ᠶᠢᠨ ᠥᠯᠢᠭᠡᠷ ᠢ ᠨᠠᠩ ᠰᠠᠶᠢᠲᠤᠷ ᠦᠷᠭᠦᠯᠵᠢᠯᠡᠨ ᠪᠢᠴᠢᠭᠯᠡᠵᠤ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠳᠠᠭᠤᠷᠢᠰᠬᠠᠯ ᠢ ᠦᠶ᠎ᠡ ᠶᠢᠨ ᠦᠶ᠎ᠡ ᠳᠤ ᠤᠯᠠᠮᠵᠢᠯᠠᠬᠤ ᠶᠢ ᠬᠦᠰᠡᠵᠦ ᠪᠠᠶᠢᠨ᠎ᠠ᠃ ᠦᠨᠳᠦᠰᠦᠲᠡᠨ ᠨᠦᠭᠦᠳ ᠤᠨ ᠠᠷᠠᠳ ᠲᠦᠮᠡᠨ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠡᠭᠡᠵᠢᠯᠡᠵᠦ᠂ ᠴᠢᠰᠤᠨ ᠳᠠᠭᠠᠨ ᠠᠭᠤᠰᠬᠠᠵᠤ᠂ ᠡᠬᠡ ᠤᠯᠤᠰ ᠤᠨ ᠨᠤᠲᠤᠭ ᠳᠡᠪᠢᠰᠭᠡᠷ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠤᠯᠠᠮ ᠪᠠᠳᠠᠷᠠᠨ ᠳᠡᠯᠭᠡᠷᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃   1950 ᠣᠨ ᠳᠤ ᠶᠦᠨᠨᠠᠨ ᠤ ᠫᠦ ᠡᠯ ᠲᠤᠰᠬᠠᠢ ᠣᠷᠣᠨ ᠤ ᠦᠨᠳᠦᠰᠦᠲᠡᠨ ᠨᠦᠭᠦᠳ ᠤᠨ ᠲᠥᠯᠥᠭᠡᠯᠡᠭᠴᠢᠳ ᠤᠷᠢᠯᠭ᠎ᠠ ᠪᠠᠷ ᠪᠡᠭᠡᠵᠢᠩ ᠳᠤ ᠬᠦᠷᠴᠦ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠨᠢᠭᠡ ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠳᠤ ᠣᠷᠣᠯᠴᠠᠵᠤ᠂ ᠮᠠᠤ ᠽᠤ᠋ ᠳ᠋ᠦᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠳᠣᠲᠣᠨᠣ ᠪᠠᠷ ᠬᠦᠯᠢᠶᠡᠨ ᠠᠪᠴᠤ ᠠᠭᠤᠯᠵᠠᠪᠠ᠃ 1951 ᠣᠨ ᠤ ᠰᠢᠨ᠎ᠡ ᠤᠨ ᠤ ᠰᠢᠨ᠎ᠡ ᠶᠢᠨ ᠨᠢᠭᠡᠨ ᠳᠤ᠂ ᠫᠦ ᠡᠯ ᠲᠤᠰᠬᠠᠢ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠲᠠᠩᠭᠠᠷᠢᠭᠯᠠᠬᠤ ᠶᠡᠭᠡ ᠬᠤᠷᠠᠯ ᠬᠢᠵᠦ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢᠶᠠᠷ ᠲᠠᠩᠭᠠᠷᠢᠭ ᠤᠨ ᠬᠥᠰᠢ᠊ ᠡᠶ᠎ᠡ ᠪᠤᠰᠬᠠᠵᠤ᠂ ︽ᠨᠢᠭᠡ ᠰᠡᠳᠭᠢᠯ ᠨᠢᠭᠡ ᠵᠣᠷᠢᠭ ᠢᠶᠠᠷ᠂ ᠡᠴᠦᠰ ᠲᠤᠨᠢ ᠲᠤᠯᠲᠠᠯ᠎ᠠ ᠪᠦᠯᠬᠦᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠡᠷᠬᠡ ᠲᠡᠭᠰᠢ ᠡᠷᠬᠡ ᠴᠢᠯᠥᠭᠡᠳᠡᠢ ᠵᠣᠯ ᠵᠢᠷᠭᠠᠯᠲᠤ ᠶᠡᠭᠡ ᠭᠡᠷ ᠪᠦᠯᠢ ᠶᠢ ᠪᠠᠶᠢᠭᠤᠯᠬᠤ ᠶᠢᠨ ᠲᠥᠯᠥᠭᠡ ᠲᠡᠮᠡᠴᠡᠨ᠎ᠡ︕︾ ᠭᠡᠵᠤ ᠲᠠᠩᠭᠠᠷᠢᠬᠯᠠᠵᠤ ᠦᠨᠳᠤᠰᠤᠳᠡᠨ ᠨᠦᠭᠦᠳ ᠤᠨ 48 ᠲᠥᠯᠥᠭᠡᠯᠡᠭᠴᠢ ᠬᠥᠰᠢᠶᠡᠨ ᠳᠡᠭᠡᠷ᠎ᠡ ᠭᠠᠷ ᠤᠨ ᠦᠰᠦᠭ ᠵᠢᠷᠤᠪᠠ᠃ ᠤᠢᠢᠷ᠎ᠠ ᠶᠢᠨ ᠡᠳᠦᠷ ᠂ ᠫᠦ ᠡᠯ ᠤᠨ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠬᠦᠰᠢᠶ᠎ᠠ ᠳᠤ ᠲᠠᠩᠭᠠᠷᠢᠬᠯᠠᠬᠰᠠᠳ ᠤᠨ ᠲᠥᠯᠥᠭᠡᠯᠡᠭᠴᠢᠳ ᠤᠨ ᠬᠤᠶᠢᠴᠢ ᠦᠶ᠎ᠡ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠲᠤᠬᠠᠢ ᠶᠢᠨ ᠭᠠᠵᠠᠷ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠤᠨ ᠤᠳᠤᠷᠢᠳᠤᠯᠭ᠎ᠠ ᠳᠣᠣᠷ᠎ᠠ ᠵᠣᠯ ᠵᠢᠷᠭᠠᠯ ᠲᠠᠢ ᠠᠮᠢᠳᠤᠷᠠᠵᠤ ᠪᠠᠶᠢᠭ᠎ᠠ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠠᠩᠭᠠᠷᠢᠭ ᠢᠶᠠᠨ ᠪᠠᠲᠤ ᠴᠡᠭᠡᠵᠢᠯᠡᠵᠦ ᠨᠠᠮ ᠢᠶᠠᠨ ᠲᠠᠭᠠᠵᠤ᠂ ᠦᠨᠳᠦᠰᠦᠲᠡᠨ ᠤ ᠪᠦᠯᠬᠦᠮᠳᠡᠯ ᠪᠣᠯᠤᠨ ᠬᠢᠯᠢ ᠬᠢᠵᠠᠭᠠᠷ ᠤᠨ ᠬᠥᠭᠵᠢᠯ ᠴᠡᠴᠡᠭᠯᠡᠯ ᠳᠤ ᠬᠦᠴᠦᠨ ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠭᠡᠵᠡᠭᠡᠪᠡ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 25 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号