ᠷᠧᠨ ᠵᠢᠶᠠᠨ ᠰᠢᠨ ᠨᠥᠬᠦᠷ ᠤᠨ ᠴᠢᠨᠳᠠᠷ ᠢ ᠪᠡᠭᠡᠵᠢᠩ ᠳᠤ ᠳᠡᠭᠳᠡᠭᠡᠪᠡ
ᠨᠡᠶᠢᠲᠡᠯᠡᠭᠰᠡᠨ ᠴᠠᠭ᠄
2024/9/27
   ᠰᠢ ᠶᠢᠨ ᠫᠢᠩ ᠯᠢ ᠴᠢᠶᠠᠩ ᠵᠤᠤ ᠯᠤ᠋ ᠵᠢᠢ ᠸᠠᠩ ᠬᠤ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠡᠷ ᠪᠠᠪᠦᠦᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠳᠤ ᠬᠦᠷᠴᠦ ᠠᠶᠠᠷᠯᠠᠨ ᠮᠣᠷᠳᠠᠭᠤᠯᠪᠠ   ᠷᠧᠨ ᠵᠢᠶᠠᠨ ᠰᠢᠨ ᠨᠥᠬᠦᠷ ᠤᠨ ᠡᠪᠡᠳᠴᠢᠨ ᠬᠦᠨᠳᠦᠷᠡᠭᠰᠡᠨ ᠬᠤᠭᠤᠴᠠᠭᠠᠨ ᠳᠤ ᠪᠠ ᠨᠠᠰᠤ ᠪᠠᠷᠠᠭᠰᠠᠨ ᠤ ᠲᠠᠷᠠᠭ᠎ᠠ᠂ ᠰᠢ ᠶᠢᠨ ᠫᠢᠩ ᠯᠢ ᠴᠢᠶᠠᠩ ᠵᠤᠤ ᠯᠤ᠋ ᠵᠢᠢ ᠸᠠᠩ ᠬᠤ᠋‌ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤ᠋ ᠶᠢᠨ ᠲᠤᠤ ᠵᠡᠷᠭᠡ ᠨᠥᠬᠦᠳ ᠡᠮᠨᠡᠯᠭᠡ ᠶᠢᠨ ᠬᠤᠷᠢᠶ᠎ᠠ ᠳᠤ ᠬᠦᠷᠴᠦ ᠪᠣᠯᠭᠤᠭᠠᠨ ᠦᠵᠡᠭᠰᠡᠨ ᠪᠤᠶᠤ ᠡᠯ᠎ᠡ ᠵᠦᠢᠯ ᠤᠨ ᠬᠡᠯᠪᠡᠷᠢ ᠪᠠᠷ ᠷᠧᠨ ᠵᠢᠶᠠᠨ ᠰᠢᠨ ᠨᠥᠬᠦᠷ ᠤᠨ ᠨᠠᠰᠤ ᠪᠠᠷᠠᠭᠰᠠᠨ ᠳᠤ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠭᠡᠭᠰᠡᠨ ᠪᠥᠭᠡᠳ ᠲᠦᠷᠦᠯ ᠰᠠᠳᠤᠨ ᠢ ᠨᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠭᠡᠪᠡ   ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢᠳᠡᠭ ᠭᠡᠰᠢᠭᠦᠨ᠂ ᠤᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ ᠰᠢᠳᠤᠷᠭᠤ ᠪᠠᠶᠢᠯᠳᠤᠭᠴᠢ᠂ ᠮᠠᠨ ᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠹᠷᠣᠨᠲ ᠤᠨ ᠭᠠᠷᠮᠠᠭᠠᠶ ᠤᠳᠤᠷᠢᠳᠬᠤ ᠬᠥᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠱᠦᠵᠢ ᠨᠡᠷ ᠤᠨ ᠭᠠᠵᠠᠷ ᠤᠨ ᠱᠦᠵᠢ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠤᠤᠯ ᠤᠨ ᠱᠦᠵᠢ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠵᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠳᠡᠳ᠋ ᠲᠡᠷᠢᠭᠦᠯᠡᠭᠴᠢ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠤᠤᠯ ᠤᠨ ᠳᠠᠷᠤᠭ᠎ᠠ ᠷᠧᠨ ᠵᠢᠶᠠᠨ ᠰᠢᠨ ᠨᠥᠬᠦᠷ ᠤᠨ ᠴᠢᠨᠳᠠᠷ ᠢ 25 ᠤ ᠡᠳᠦᠷ ᠪᠡᠭᠡᠵᠢᠩ ᠤᠨ ᠪᠠᠪᠦᠦᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠳᠤ ᠳᠡᠭᠳᠡᠭᠡᠪᠡ᠃   ᠷᠧᠨ ᠵᠢᠶᠠᠨ ᠰᠢᠨ ᠨᠥᠬᠦᠷ ᠡᠪᠡᠳᠴᠢᠯᠡᠭᠡᠳ 2024 ᠣᠨ ᠤ 9 ᠰᠠᠷ᠎ᠠ ᠶᠢᠨ 21 ᠤ ᠡᠳᠦᠷ ᠤᠨ 13 ᠴᠠᠭ 33 ᠮᠢᠨᠦ᠋ᠲ ᠲᠤ ᠪᠡᠭᠡᠵᠢᠩ ᠳᠤ ᠨᠠᠰᠤ ᠪᠠᠷᠠᠪᠠ᠂ ᠨᠠᠰᠤᠨ ᠰᠡᠭᠦᠳᠡᠷ 99᠃   ᠷᠧᠨ ᠵᠢᠶᠠᠨ ᠰᠢᠨ ᠨᠥᠬᠦᠷ ᠤᠨ ᠡᠪᠡᠳᠴᠢᠨ ᠬᠦᠨᠳᠦᠷᠡᠭᠰᠡᠨ ᠬᠤᠭᠤᠴᠠᠭᠠᠨ ᠳᠤ ᠪᠠ ᠨᠠᠰᠤ ᠪᠠᠷᠠᠭᠰᠠᠨ ᠤ ᠳᠠᠷᠠᠭ᠎ᠠ᠂ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ᠂ ᠬᠤ᠋ ᠶᠢᠨ ᠲᠤᠤ ᠵᠡᠷᠭᠡ ᠨᠥᠬᠦᠳ ᠡᠮᠨᠡᠯᠭᠡ ᠶᠢᠨ ᠬᠤᠷᠢᠶ᠎ᠠ ᠳᠤ ᠬᠦᠷᠴᠦ ᠪᠤᠯᠭᠤᠭᠠᠨ ᠦᠵᠡᠭᠰᠡᠨ ᠪᠤᠶᠤ ᠡᠯ᠎ᠡ ᠵᠦᠢᠯ ᠤᠨ ᠬᠡᠯᠪᠡᠷᠢ ᠪᠠᠷ ᠷᠧᠨ ᠵᠢᠶᠠᠨ ᠰᠢᠨ ᠨᠥᠬᠦᠷ ᠤᠨ ᠨᠠᠰᠤ ᠪᠠᠷᠠᠭᠰᠠᠨ ᠳᠤ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠭᠡᠭᠰᠡᠨ ᠪᠥᠭᠡᠳ ᠲᠦᠷᠦᠯ ᠰᠠᠳᠤᠨ ᠢ ᠨᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠭᠡᠪᠡ᠃   25 ᠤ ᠦᠳᠡ ᠶᠢᠨ ᠡᠮᠦᠨ᠎ᠡ᠂ ᠪᠠᠪᠣᠣᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠤ ᠶᠣᠰᠣᠯᠠᠯ ᠤᠨ ᠲᠠᠩᠬᠢᠮ ᠳᠤ ᠲᠥᠪ ᠬᠢᠴᠢᠶᠡᠩᠭᠦᠢ ᠪᠠᠶᠢᠳᠠᠯ ᠲᠠᠢ ᠪᠠᠶᠢᠵᠤ᠂ ᠭᠠᠰᠢᠭᠤᠳᠠᠯ ᠤᠨ ᠠᠶᠠᠰ ᠨᠠᠮᠬᠠᠨ ᠴᠤᠤᠷᠢᠶᠠᠯᠠᠨ᠎ᠠ᠃ ᠭᠤᠣᠯ ᠲᠢᠩᠬᠢᠮ ᠤᠨ ᠳᠡᠭᠡᠷ᠎ᠡ ᠲᠠᠯ᠎ᠠ ᠳᠤ ︽ᠷᠧᠨ ᠵᠢᠶᠠᠨ ᠰᠢᠨ ᠨᠥᠬᠦᠷ ᠢ ᠡᠮᠭᠡᠨᠢᠨ ᠭᠠᠰᠢᠭᠤᠳᠠᠶ᠎ᠠ︾ ᠭᠡᠬᠦ ᠬᠠᠷ᠎ᠠ ᠳᠡᠪᠢᠰᠭᠡᠷᠲᠦ ᠴᠠᠭᠠᠨ ᠦᠰᠦᠭ ᠤᠨ ᠬᠥᠨᠳᠡᠯᠡᠨ ᠪᠢᠴᠢᠭᠡᠰᠦ ᠡᠯᠭᠦᠵᠦ᠂ ᠬᠥᠨᠳᠡᠯᠡᠨ ᠪᠢᠴᠢᠭᠡᠰᠦ ᠶᠢᠨ ᠳᠣᠣᠷ᠎ᠠ ᠲᠠᠯ᠎ᠠ ᠳᠤ ᠷᠧᠨ ᠵᠢᠶᠠᠨ ᠰᠢᠨ ᠨᠥᠬᠦᠷ ᠤᠨ ᠬᠦᠷᠦᠭ ᠢ ᠡᠯᠬᠦᠵᠡᠢ᠃ ᠷᠧᠨ ᠵᠢᠶᠠᠨ ᠰᠢᠨ ᠨᠥᠬᠦᠷ ᠤᠨ ᠴᠢᠨᠳᠠᠷ ᠢ ᠰᠣᠷᠭᠤᠭ ᠴᠡᠴᠡᠭ ᠨᠠᠷᠠᠰᠤ ᠮᠠᠶᠢᠯᠠᠰᠤ ᠪᠠᠷ ᠬᠦᠷᠢᠶᠡᠯᠡᠵᠥ᠂ ᠪᠡᠶ᠎ᠡ ᠳᠡᠭᠡᠷ᠎ᠡ ᠨᠢ ᠭᠠᠯ ᠤᠯᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠢᠶᠠᠷ ᠬᠤᠴᠢᠵᠠᠢ᠃   ᠦᠳᠡ ᠶᠢᠨ ᠡᠮᠦᠨᠡᠬᠢ 9 ᠴᠠᠭ 30 ᠮᠢᠨᠦ᠋ᠲ ᠤᠨ ᠦᠶ᠎ᠡ ᠪᠠᠷ᠂ ᠰᠢ ᠶᠢᠨ ᠫᠢᠩ᠂ ᠯᠢ ᠴᠢᠶᠠᠩ᠂ ᠵᠤᠤ ᠯᠤ᠋ ᠵᠢᠢ᠂ ᠸᠠᠩ ᠬᠤ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠡᠷ ᠭᠠᠰᠢᠭᠤᠳᠠᠯ ᠤᠨ ᠠᠶᠠᠰ ᠤᠨ ᠳᠤᠮᠳᠠ ᠠᠯᠭᠤᠷᠬᠠᠨ ᠢᠶᠠᠷ ᠷᠧᠨ ᠵᠢᠶᠠᠨ ᠰᠢᠨ ᠨᠥᠬᠦᠷ ᠤᠨ ᠴᠢᠨᠳᠠᠷ ᠤᠨ ᠡᠮᠦᠨ᠎ᠡ ᠬᠦᠷᠴᠦ ᠬᠢᠴᠢᠶᠡᠩᠭᠦ᠋ᠯᠡᠨ ᠵᠣᠭᠰᠣᠵᠤ ᠨᠠᠮᠠᠨᠴᠢᠯᠠᠨ ᠭᠠᠰᠢᠭᠤᠳᠠᠵᠠᠭᠠᠵᠤ᠂ ᠷᠧᠨ ᠵᠢᠶᠠᠨ ᠰᠢᠨ ᠨᠥᠬᠦᠷ ᠤᠨ ᠴᠢᠨᠳᠠᠷ ᠲᠤ ᠭᠤᠷᠪᠠᠨᠲᠠ ᠶᠣᠰᠣᠯᠠᠬᠰᠠᠨ ᠪᠦᠬᠡᠳ ᠷᠧᠨ ᠵᠢᠶᠠᠨ ᠰᠢᠨ ᠨᠥᠬᠦᠷ ᠤᠨ ᠲᠦᠷᠦᠯ ᠰᠠᠳᠤᠨ ᠲᠠᠢ ᠨᠢᠭᠡᠳ ᠨᠢᠭᠡ ᠪᠠᠷ ᠭᠠᠷ ᠠᠳᠬᠤᠵᠤ ᠲᠣᠬᠤᠨᠢᠭᠤᠯᠵᠤ ᠪᠠᠶᠢᠬᠤ ᠪᠠᠨ ᠢᠯᠡᠳᠭᠡᠪᠡ᠃   ᠨᠠᠮ ᠪᠤᠯᠤᠨ ᠳᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠦᠷᠴᠤ ᠠᠶᠠᠷᠯᠠᠨ ᠮᠤᠷᠳᠠᠭᠤᠯᠤᠬᠰᠠᠨ ᠪᠤᠶᠤ ᠤᠯᠠᠨ ᠬᠡᠯᠪᠡᠷᠢ ᠪᠠᠷ ᠡᠮᠬᠡᠨᠢᠨ ᠭᠠᠰᠢᠭᠤᠳᠠᠵᠥ ᠪᠠᠶᠢᠬᠤ ᠪᠠᠨ ᠢᠯᠡᠳᠭᠡᠪᠡ᠃ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠷᠧᠨ ᠵᠢᠶᠠᠨ ᠰᠢᠨ ᠨᠥᠬᠦᠷ ᠤᠨ ᠠᠮᠢᠳᠤ ᠰᠡᠷᠡᠭᠦᠨ ᠪᠠᠶᠢᠬᠤ ᠦᠶ᠎ᠡ ᠶᠢᠨ ᠰᠠᠶᠢᠨ ᠨᠠᠶᠢᠵᠠ ᠪᠣᠯᠤᠨ ᠨᠤᠲᠤᠭ ᠤᠨ ᠬᠢᠨᠢ ᠲᠥᠯᠥᠭᠡᠯᠡᠭᠴᠢᠳ ᠴᠤ ᠬᠦᠷᠦᠯᠴᠡᠨ ᠢᠷᠡᠵᠥ ᠠᠶᠠᠷᠯᠠᠨ ᠮᠣᠷᠳᠠᠭᠤᠯᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 25 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号