ᠰᠢ ᠶᠢᠨ ᠫᠢᠩ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠲᠤ ᠬᠠᠷᠢᠭᠤ ᠵᠠᠬᠢᠳᠠᠯ ᠢᠯᠡᠭᠡᠵᠦ ᠴᠢᠬᠤᠯᠠᠴᠢᠯᠠᠭᠰᠠᠨ ᠨᠢ ᠰᠤᠷᠭᠠᠭᠤᠯᠢ ᠡᠷᠭᠢᠯᠡᠬᠦ ᠣᠨᠴᠠᠯᠢᠭ ᠢ ᠳᠣᠪᠤᠶᠢᠯᠭᠠᠨ ᠥᠭᠡᠷᠡᠴᠢᠯᠡᠯᠲᠡ ᠬᠢᠵᠤ ᠰᠢᠨ᠎ᠡ ᠶᠢ ᠡᠭᠦᠳᠬᠦ ᠶᠢ ᠬᠦᠨᠵᠡᠭᠡᠶᠢᠷᠠᠬᠦᠯᠵᠤ ᠥᠨᠳᠥᠷ ᠬᠡᠪ ᠪᠣᠯᠪᠠᠰᠤᠷᠠᠯ ᠲᠠᠢ ᠨᠠᠩ ᠣᠯᠠᠨ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠴᠢᠳᠠᠪᠤᠷᠢᠲᠠᠨ ᠢ ᠴᠢᠷᠮᠠᠶᠢᠨ ᠬᠥᠮᠦᠵᠢᠭᠦᠯᠬᠦ ᠭᠡᠷᠡᠭᠳᠠᠢ
ᠨᠡᠶᠢᠲᠡᠯᠡᠭᠰᠡᠨ ᠴᠠᠭ᠄
2024/9/27
    ᠣᠶᠢᠷ᠎ᠠ ᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠪᠥᠬᠦ ᠪᠠᠭᠰᠢ ᠰᠤᠷᠤᠭᠴᠢᠳ ᠲᠤ ᠬᠠᠷᠢᠭᠤ ᠵᠠᠬᠢᠳᠠᠯ ᠢᠯᠡᠭᠡᠵᠦ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠶᠢᠨ ᠲᠠᠰᠢᠷᠠᠮ ᠳᠤ᠂ ᠪᠥᠬᠦ ᠰᠤᠷᠭᠠᠭᠤᠯᠢ ᠶᠢᠨ ᠪᠠᠭᠰᠢ ᠰᠣᠷᠣᠭᠴᠢ ᠠᠵᠢᠯᠲᠠᠨ᠂ ᠥᠷᠭᠡᠨ ᠣᠯᠠᠨ ᠰᠤᠷᠭᠠᠭᠤᠯᠢ ᠶᠢᠨ ᠨᠠᠶᠢᠵᠠ ᠨᠠᠷ ᠲᠤ ᠪᠠᠶᠠᠷ ᠬᠦᠷᠭᠡᠵᠦ ᠮᠡᠨᠳᠦᠴᠢᠯᠡᠯ ᠳᠡᠪᠰᠢᠭᠦᠯᠪᠡ᠃   ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠲᠠ ᠨᠠᠷ ᠤᠨ ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠭᠤᠯᠢ ᠡᠷᠬᠢᠯᠡᠬᠦ ᠣᠨᠴᠠᠯᠢᠭ ᠢ ᠳᠤᠪᠤᠶᠢᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪᠰᠢᠨ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠨᠡᠩ ᠤᠯᠠᠨ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠴᠢᠳᠠᠪᠤᠷᠢᠲᠠᠨ ᠢ ᠴᠢᠷᠮᠠᠶᠢᠨ ᠬᠥᠮᠦᠵᠢᠭᠦᠯᠵᠦ᠂ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠪᠤᠯ ᠤᠤᠯ ᠤᠨ 1954 ᠣᠨ ᠳᠤ ᠪᠠᠶᠢᠭᠤᠯᠤᠭᠳᠠᠭᠰᠠᠨ ᠲᠥᠪ ᠤᠨ ᠷᠠᠳᠢᠣ᠋ ᠨᠡᠪᠲᠡᠷᠡᠭᠦᠯᠭᠡ ᠶᠢᠨ ᠠᠵᠢᠯ ᠦᠢᠯᠡᠰ ᠤᠨ ᠲᠣᠪᠴᠢᠶᠠᠨ ᠤ ᠮᠡᠷᠭᠡᠵᠢᠯ ᠤᠨ ᠠᠵᠢᠯᠲᠠᠨ ᠤ ᠪᠣᠯᠪᠠᠰᠤᠷᠠᠯ ᠤᠨ ᠠᠩᠭᠢ ᠪᠠᠶᠢᠵᠤ᠂ 2004 ᠣᠨ ᠳᠤ ᠪᠡᠭᠡᠵᠢᠩ ᠤᠨ ᠷᠠᠳᠢᠣ᠋ ᠨᠡᠪᠲᠡᠷᠡᠭᠦᠯᠭᠡ ᠶᠢᠨ ᠳᠡᠭᠡᠳᠦ ᠰᠤᠷᠭᠠᠭᠤᠯᠢ ᠠᠴᠠ ᠪᠠᠨ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠭᠡᠵᠦ ᠨᠡᠷ᠎ᠡ ᠪᠠᠨ ᠬᠠᠯᠠᠪᠠ᠃ ᠣᠶᠢᠷ᠎ᠠ ᠳᠤ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠪᠥᠬᠦ ᠪᠠᠭᠰᠢ ᠰᠤᠷᠤᠭᠴᠢᠳ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠰᠤᠷᠭᠠᠭᠤᠯᠢ ᠪᠠᠶᠢᠭᠤᠯᠤᠭᠳᠠᠭᠰᠠᠨ 70 ᠵᠢᠯ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠤᠷᠭᠠᠭᠤᠯᠢ ᠡᠷᠭᠢᠯᠡᠭᠰᠡᠨ ᠦᠷ᠎ᠡ ᠪᠦᠲᠦᠭᠡᠯ ᠢᠶᠠᠨ ᠬᠠᠷᠢᠭᠤ ᠮᠡᠳᠡᠭᠦᠯᠵᠦ᠂ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠨᠠᠩ ᠰᠠᠶᠢᠲᠤᠷ ᠦᠢᠯᠡᠴᠢᠯᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠡᠳᠭᠢᠯ ᠨᠢᠭᠡᠳᠤᠨ ᠬᠦᠴᠦ ᠪᠠᠨ ᠬᠠᠮᠲᠤᠳᠬᠠᠬᠤ ᠵᠣᠷᠢᠭ ᠢᠶᠠᠨ ᠢᠯᠡᠳᠭᠡᠵᠡᠭᠡᠪᠡ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 26 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号