ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ ᠤ ᠠᠵᠤ ᠠᠬᠤᠶ ᠶᠢᠨ ᠪᠠᠶᠢᠳᠠᠯ ᠪᠣᠯᠤᠨ ᠠᠵᠤ ᠠᠬᠤᠶ ᠶᠢᠨ ᠠᠵᠢᠯ ᠢ ᠵᠠᠳᠠᠯᠤᠨ ᠰᠤᠳᠤᠯᠪᠠ
ᠨᠡᠶᠢᠲᠡᠯᠡᠭᠰᠡᠨ ᠴᠠᠭ᠄
2024/9/27
   ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 9 ᠰᠠᠷ᠎ᠠ ᠶᠢᠨ 26 ᠤ ᠡᠳᠦᠷ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ ᠠᠬᠤᠶ ᠶᠢᠨ ᠪᠠᠶᠢᠳᠠᠯ ᠢ ᠵᠠᠳᠠᠯᠤᠨ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠤ ᠠᠬᠤᠶ ᠶᠢᠨ ᠠᠵᠢᠯ ᠢ ᠪᠠᠶᠢᠷᠢᠯᠠᠭᠤᠯᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ᠃   ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠯᠠᠪᠳᠠᠭᠤᠨ ᠢᠶᠠᠷ ᠠᠷᠭᠠᠴᠡᠭᠠᠨ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠭᠡᠨ᠂ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠵᠦ᠂ ᠠᠵᠤ ᠠᠬᠤᠶ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠣᠭᠲᠠᠭᠤᠨ ᠢᠶᠠᠷ ᠬᠥᠭᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠠᠲᠤᠲᠠᠶ ᠡᠷᠴᠢᠮᠲᠡᠶ ᠪᠣᠯᠵᠣ᠂ ᠭᠤᠤᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢᠳᠡᠪᠬᠢᠲᠡᠶ ᠠᠬᠢᠴᠠ ᠲᠠᠢ ᠪᠣᠯᠵᠣ᠂ ᠴᠢᠨᠠᠷ ᠰᠠᠶᠢᠲᠠᠶ ᠬᠥᠭᠵᠢᠯᠲᠡ ᠯᠠᠪᠳᠠᠭᠤᠨ ᠪᠠᠲᠤᠲᠠᠶ ᠠᠭᠢᠵᠤ᠂ ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠠᠶᠢᠳᠠᠯ ᠢᠶᠠᠨ ᠪᠠᠲᠤᠯᠠᠪᠠ ᠭᠡᠵᠦ ᠦᠵᠡᠪᠡ᠃   ᠬᠤᠷᠠᠯ ᠠᠴᠠ᠂ ᠮᠠᠨ ᠤ ᠤᠯᠤᠰ ᠤᠨ ᠠᠵᠤ ᠠᠬᠤᠢ ᠶᠢᠨ ᠦᠨᠳᠦᠰᠦᠨ ᠪᠠᠶᠢᠳᠠᠯ ᠵᠢᠴᠢ ᠵᠠᠬ᠎ᠠ ᠳᠡᠯᠭᠡᠭᠦᠷ ᠥᠷᠭᠡᠨ ᠰᠠᠷᠠᠭᠤᠯ ᠪᠠᠶᠢᠵᠤ᠂ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠳᠠᠯᠳᠠ ᠬᠦᠴᠦᠨ ᠶᠡᠭᠡ ᠵᠡᠷᠭᠡ ᠠᠰᠢᠭᠲᠠᠢ ᠨᠥᠬᠦᠴᠡᠯ ᠬᠤᠪᠢᠷᠠᠭᠰᠠᠨ ᠦᠭᠡᠢ ᠶᠤᠮ᠃ ᠡᠭᠦᠨ ᠤ ᠵᠡᠷᠭᠡ ᠪᠠᠷ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠵᠠᠷᠢᠮ ᠰᠢᠨ᠎ᠡ ᠪᠠᠶᠢᠳᠠᠯ ᠪᠠ ᠠᠰᠠᠭᠤᠳᠠᠯ ᠭᠠᠷᠴᠤ ᠪᠤᠢ᠃ ᠣᠳᠣᠬᠠᠨ ᠤ ᠠᠵᠤ ᠠᠬᠤᠢ ᠶᠢᠨ ᠪᠠᠶᠢᠳᠠᠯ ᠳᠤ ᠪᠦᠬᠦ ᠲᠠᠯ᠎ᠠ ᠪᠠᠷ ᠪᠤᠰᠤᠳᠴᠢ ᠪᠠᠷ ᠯᠠᠪᠳᠠᠭᠤᠨ ᠲᠣᠭᠲᠠᠭᠤᠨ ᠢᠶᠠᠷ ᠬᠠᠨᠳᠤᠵᠤ᠂ ᠬᠦᠴᠢᠷᠳᠡᠯ ᠳᠤ ᠵᠥᠪ ᠢᠶᠠᠷ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠨ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠭᠢᠯᠭᠡ ᠪᠠ ᠲᠤᠯᠭᠠᠮ ᠰᠡᠳᠭᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠶᠢ ᠠᠳᠬᠤᠨ᠂ ᠰᠠᠨᠠᠭᠠᠴᠢᠯᠠᠭ᠎ᠠ ᠠᠴᠠ ᠪᠠᠨ ᠵᠢᠳᠭᠦᠯ ᠴᠢᠷᠮᠠᠶᠢᠯᠭ᠎ᠠ ᠭᠠᠷᠭᠠᠵᠤ᠂ ᠨᠦᠭᠡᠴᠡ ᠲᠦᠷᠦ ᠶᠢᠨ ᠪᠤᠳᠤᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠤᠨ᠂ ᠬᠡᠮᠵᠢᠶ᠎ᠡ ᠶᠢ ᠨᠡᠮᠡᠭᠳᠡᠭᠦᠯᠬᠦ ᠲᠦᠷᠦ ᠶᠢᠨ ᠪᠤᠳᠤᠯᠭ᠎ᠠ ᠶᠢ ᠬᠦᠴᠦᠯᠡᠨ ᠲᠣᠭᠲᠠᠭᠠᠵᠤ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ ᠬᠠᠨᠳᠤᠯᠭᠠᠲᠤ ᠴᠢᠨᠠᠷ᠂ ᠪᠦᠳᠤᠮᠵᠢᠳᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃   ᠬᠤᠷᠠᠯ ᠠᠴᠠ᠂ ᠡᠳ᠋ ᠤᠨ ᠵᠠᠰᠠᠭ ᠵᠣᠭᠤᠰᠣᠨ ᠤ ᠲᠦᠷᠦ ᠶᠢᠨ ᠪᠤᠳᠤᠯᠭ᠎ᠠ ᠶᠢᠨ ᠰᠥᠷᠭᠡᠦ ᠦᠶᠡᠯᠡᠯ ᠤᠨ ᠬᠤᠭᠤᠴᠠᠭᠠᠨ ᠤ ᠲᠤᠬᠢᠷᠠᠭᠤᠯᠤᠯᠳᠠ ᠶᠢᠨ ᠡᠷᠴᠢᠮ ᠢ ᠴᠢᠩᠭᠠᠷᠠᠭᠤᠯᠵᠤ᠂ ᠴᠢᠬᠤᠯᠠ ᠪᠦᠬᠦᠢ ᠡᠳ᠋ ᠤᠨ ᠵᠠᠰᠠᠭ ᠤᠨ ᠵᠠᠷᠤᠯᠭ᠎ᠠ ᠶᠢ ᠪᠠᠲᠤᠯᠠᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠤᠯᠤᠰ ᠤᠨ ᠬᠡᠳᠦ ᠤᠷᠳᠤ ᠬᠤᠭᠤᠴᠠᠭᠠᠳᠤ ᠤᠨᠴᠠᠭᠠᠢ ᠵᠢᠭᠡᠯᠡᠯᠭᠡ ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢ ᠰᠠᠶᠢᠲᠤᠷ ᠲᠠᠷᠬᠠᠭᠠᠵᠤ ᠰᠠᠶᠢᠲᠤᠷ ᠬᠡᠷᠡᠭᠯᠡᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠬᠠᠳᠠᠭᠠᠯᠠᠮᠵᠢ ᠶᠢᠨ ᠪᠡᠯᠡᠳᠭᠡᠯ ᠵᠤᠭᠤᠰ ᠤᠨ ᠨᠤᠷᠮ᠎ᠠ ᠶᠢ ᠪᠠᠭᠤᠷᠠᠭᠤᠯᠵᠤ᠂ ᠬᠦᠦ ᠮᠥᠩᠭᠦ ᠶᠢ ᠬᠦᠴᠦᠲᠡᠢ ᠪᠠᠭᠤᠷᠠᠭᠤᠯᠬᠤ ᠬᠡᠷᠡᠭᠲᠡᠢ᠃ ᠬᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠣᠯᠬᠤ ᠶᠢ ᠠᠬᠢᠭᠤᠯᠵᠤ᠂ ᠲᠠᠸᠠᠷ ᠤᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠳᠤ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠨᠦᠭᠡᠴᠡ ᠢᠢ ᠰᠢᠯᠢᠳᠡᠭᠵᠢᠭᠦᠯᠦᠨ᠂ ᠶᠠᠰᠤ ᠴᠢᠨᠠᠷ ᠢ ᠳᠡᠭᠡᠭᠰᠢᠯᠡᠭᠦᠯᠵᠦ᠂ ︽ᠢᠲᠡᠭᠡᠮᠵᠢᠲᠦ ᠡᠷᠦᠬᠡ︾ ᠶᠢᠨ ᠲᠥᠷᠥᠯ ᠵᠦᠢᠯ ᠤᠨ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠤᠨ ᠂ ᠰᠤᠯᠠ ᠲᠠᠯᠪᠢᠭᠳᠠᠵᠤ ᠪᠠᠶᠢᠭ᠎ᠠ ᠨᠦᠭᠡᠴᠡ ᠭᠠᠵᠠᠷ ᠰᠢᠷᠣᠶ ᠶᠢ ᠠᠮᠢᠳᠤᠯᠢᠭᠵᠢᠭᠤᠯᠬᠤ ᠶᠢ ᠳᠡᠮᠵᠢᠬᠦ ᠬᠡᠷᠡᠭᠲᠡᠶ᠃ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠨᠦᠭᠡᠴᠡ ᠬᠡᠷ ᠪᠠᠶᠢᠰᠢᠩ ᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠵᠤ᠂ ᠭᠠᠵᠠᠷ ᠰᠢᠷᠣᠶ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢ ᠱᠠᠯᠠᠪᠳᠠᠨ ᠲᠡᠭᠦᠯᠳᠡᠷᠵᠢᠭᠦᠯᠵᠦ᠂ ᠬᠡᠷ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠶᠢ ᠠᠬᠢᠭᠤᠯᠬᠤ ᠬᠡᠷᠡᠭᠲᠡᠶ᠃ ᠬᠥᠷᠥᠩᠭᠡ ᠶᠢᠨ ᠵᠠᠬ᠎ᠠ ᠳᠡᠯᠭᠡᠭᠦᠷ ᠢ ᠴᠢᠷᠮᠠᠶᠢᠨ ᠬᠥᠭᠵᠢᠭᠡᠵᠦ᠂ ᠳᠤᠮᠳᠠ ᠣᠷᠳᠣ ᠬᠤᠭᠤᠴᠠᠭᠠᠨ ᠤ ᠪᠠᠯᠠ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠶᠢ ᠶᠡᠭᠡ ᠪᠠᠷ ᠬᠥᠲᠥᠯᠥᠨ ᠵᠢᠯᠣᠭᠤᠳᠴᠤ᠂ ᠨᠡᠶᠢᠭᠡᠮ ᠤᠨ ᠳᠠᠭᠠᠳᠬᠠᠯ᠂ ᠳᠠᠭᠠᠳᠬᠠᠯ᠂ ᠡᠳ᠋ ᠤᠨ ᠶᠠᠪᠤᠳᠠᠯ ᠢ ᠬᠠᠮᠢᠶᠠᠷᠬᠤ ᠵᠡᠷᠭᠡ ᠪᠠᠯᠠ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠲᠦᠭᠵᠢᠷᠡᠯ ᠴᠡᠭ ᠢ ᠰᠢᠯᠤᠭᠤᠳᠬᠠᠬᠤ ᠬᠡᠷᠡᠭᠲᠡᠶ᠃ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠨᠡᠶᠢᠯᠡᠭᠦᠯᠦᠨ ᠠᠪᠴᠤ ᠳᠠᠬᠢᠨ ᠪᠠᠶᠢᠭᠤᠯᠬᠤ ᠶᠢ ᠳᠡᠮᠵᠢᠵᠦ᠂ ᠢᠯᠡ ᠪᠠᠷ ᠴᠤᠭᠯᠠᠭᠤᠯᠬᠤ ᠰᠠᠭᠤᠷᠢ ᠮᠥᠩᠭᠦ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠳᠤᠮᠳᠠ ᠪᠠᠭ᠎ᠠ ᠪᠡᠯᠡ ᠣᠷᠣᠭᠤᠯᠤᠭᠴᠢᠳ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠬᠦ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ᠂ ᠠᠵᠤ ᠠᠬᠤᠶᠢᠯᠠᠯ ᠢ ᠬᠠᠪᠰᠤᠷᠤᠨ ᠬᠦᠴᠢᠷ ᠢ ᠲᠤᠭᠤᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ᠂ ᠬᠢᠨᠠᠨ ᠬᠠᠮᠢᠶᠠᠷᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠬᠠᠤᠯᠢ ᠶᠢ ᠲᠣᠭᠲᠠᠭᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠦᠬᠦᠴᠡᠯ ᠢ ᠪᠤᠢ ᠪᠣᠯᠭᠠᠬᠤ ᠬᠡᠷᠡᠭᠲᠡᠢ᠃ ᠬᠡᠷᠡᠭᠯᠡᠭᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠤᠶᠠᠯᠳᠤᠭᠤᠯᠵᠤ᠂ ᠳᠤᠮᠳᠠ ᠳᠣᠣᠷ᠎ᠠ ᠣᠷᠣᠯᠭ᠎ᠠ ᠲᠠᠢ ᠬᠥᠮᠦᠰ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠡᠷᠡᠭᠯᠡᠭᠡᠨ ᠤ ᠪᠦᠲᠦᠴᠡ ᠶᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠮᠠᠶ᠋ᠢᠭ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠬᠤ ᠬᠡᠷᠡᠭᠲᠡᠶ᠃ ᠨᠡᠶᠢᠭᠡᠮ ᠤᠨ ᠬᠦᠴᠦᠨ ᠤ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠠᠵᠤ ᠦᠢᠯᠡᠰ ᠢ ᠬᠥᠭᠵᠢᠭᠦᠯᠬᠦ ᠶᠢ ᠳᠡᠮᠵᠢᠨ ᠵᠢᠷᠤᠮᠵᠢᠭᠤᠯᠵᠤ᠂ ᠦᠷᠡᠵᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠱᠠᠯᠠᠪᠳᠠᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠪᠡᠯᠡ ᠮᠥᠩᠭᠦ ᠣᠷᠣᠭᠤᠯᠤᠨ ᠠᠪᠴᠢᠷᠠᠵᠤ ᠪᠡᠯᠡ ᠮᠥᠩᠭᠦ ᠶᠢ ᠲᠣᠭᠲᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠱᠠᠯᠠᠪᠳᠠᠭᠤᠯᠤᠨ ᠠᠬᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃   ᠬᠤᠷᠠᠯ ᠠᠴᠠ᠂ ᠠᠷᠠᠳ ᠤᠨ ᠠᠮᠢᠳᠤᠷᠠᠯ ᠢ ᠪᠠᠲᠤᠯᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠰᠢᠨ᠎ᠠ ᠲᠡᠬᠦᠰᠬᠦ ᠶᠡᠭᠡ ᠲᠡᠬᠡᠳᠤ ᠰᠤᠷᠭᠠᠭᠤᠯᠢ ᠶᠢᠨ ᠰᠤᠷᠤᠭᠴᠢ᠂ ᠬᠥᠯᠥᠰᠥᠨ ᠲᠠᠷᠢᠶᠠᠴᠢᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠠᠵᠢᠯ ᠲᠠᠢ ᠬᠥᠮᠦᠨ ᠦᠭᠡᠢ ᠭᠡᠷ ᠪᠦᠯᠢ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠨᠠᠰᠤ ᠠᠭᠢᠭᠰᠠᠨ᠂ ᠵᠡᠮᠳᠡᠭ᠂ ᠨᠡᠯᠢᠶᠡᠳ ᠤᠷᠳᠤ ᠬᠤᠭᠤᠴᠠᠭ᠎ᠠ ᠪᠠᠷ ᠠᠵᠢᠯ ᠠᠯᠳᠠᠭᠰᠠᠨ ᠵᠡᠷᠭᠡ ᠠᠵᠢᠯ ᠤᠯᠬᠤ ᠳᠤ ᠬᠦᠴᠢᠷᠲᠡᠢ ᠬᠥᠮᠦᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠬᠤ ᠬᠡᠷᠡᠭᠲᠡᠢ᠃ ᠣᠷᠣᠯᠭ᠎ᠠ ᠪᠠᠭᠠᠲᠠᠶ ᠬᠥᠮᠦᠨ ᠠᠮᠠ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠬᠤ ᠬᠡᠷᠡᠭᠲᠡᠶ᠃ ᠢᠳᠡᠭᠡᠨ ᠪᠠ ᠤᠰᠤ ᠴᠠᠬᠢᠯᠭᠠᠨ ᠬᠡᠢ ᠢᠯᠴᠢ ᠵᠡᠷᠭᠡ ᠴᠢᠬᠤᠯᠠ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠮᠤ ᠪᠤᠳᠠᠭ᠎ᠠ ᠪᠠ ᠲᠠᠷᠢᠶᠠᠯᠠᠩ ᠤᠨ ᠦᠢᠯᠡᠳᠪᠦᠷᠢᠯᠡᠯ ᠢ ᠦᠨᠡᠨ ᠬᠦ ᠰᠠᠶᠢᠲᠤᠷ ᠠᠳᠬᠤᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠬᠠᠯᠠᠮᠵᠢᠯᠠᠨ᠂ ᠨᠠᠮᠤᠷ ᠡᠪᠦᠯ ᠤᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃   ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠷᠮᠠᠶᠢᠨ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠲᠦᠮᠡᠨ ᠤ ᠵᠤᠷᠢᠭ ᠨᠢᠭᠡᠳᠪᠡᠯ ᠲᠡᠮᠤᠷ ᠭᠡᠷᠡᠮ ᠮᠡᠳᠤ ᠪᠤᠯᠵᠤ ᠪᠦᠯᠬᠦᠮᠳᠡᠨ ᠨᠢᠭᠲᠠᠷᠠᠵᠤ᠂ ᠪᠦᠬᠦ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠴᠢᠳᠠᠪᠤᠷᠢ ᠪᠠᠨ ᠳᠡᠭᠡᠭᠰᠢᠯᠡᠭᠦᠯᠵᠦ᠂ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠬᠥᠮᠦᠨ ᠰᠣᠩᠭᠤᠵᠤ ᠬᠥᠮᠦᠨ ᠬᠡᠷᠡᠭᠯᠡᠬᠦ ᠵᠦᠭᠯᠡᠬᠦᠷ ᠢ ᠰᠠᠶᠢᠲᠤᠷ ᠪᠤᠢ ᠪᠣᠯᠭᠠᠵᠤ᠂ ︽ᠭᠤᠷᠪᠠ ᠶᠢ ᠢᠯᠭᠠᠨ ᠦᠵᠡᠬᠦ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠭᠴᠢ ᠶᠢᠨ ᠲᠥᠯᠥᠭᠡ ᠬᠠᠷᠢᠭᠤᠴᠠᠵᠤ᠂ ᠠᠵᠢᠯ ᠶᠠᠪᠤᠳᠠᠯ ᠬᠢᠭᠴᠢ ᠶᠢᠨ ᠲᠥᠯᠥᠭᠡ ᠲᠦᠰᠢᠭ ᠪᠤᠯᠬᠤ ᠬᠡᠷᠡᠭᠲᠡᠢ᠃ ᠠᠵᠤ ᠠᠬᠤᠢ ᠶᠢᠨ ᠶᠡᠭᠡ ᠮᠤᠵᠢ ᠶᠢᠨ ᠴᠢᠬᠤᠯᠠ ᠡᠭᠦᠷᠭᠡ ᠶᠢ ᠡᠭᠦᠷᠭᠡᠯᠡᠵᠦ᠂ ᠳᠠᠶᠢᠴᠢᠯᠠᠬᠤ ᠪᠠ ᠲᠤᠯᠭᠠᠭᠤᠷᠢᠯᠠᠬᠤ ᠦᠢᠯᠡᠳᠦᠯ ᠢᠶᠠᠨ ᠨᠡᠩ ᠰᠠᠶᠢᠳᠤᠷ ᠪᠠᠳᠠᠷᠠᠭᠤᠯᠬᠤ ᠶᠢ ᠳᠡᠮᠵᠢᠬᠦ ᠬᠡᠷᠡᠭᠲᠡᠢ ᠭᠡᠵᠤ ᠱᠠᠭᠠᠷᠳᠠᠪᠠ᠃   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 26 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号