ᠦᠰᠦᠭ ᠪᠢᠴᠢᠭ ᠢᠶᠠᠷ ᠦᠬᠦᠯᠡᠬᠦᠢ᠄ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠦᠷᠭᠦᠯᠵᠢᠯᠡᠨ ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠲᠥᠰᠦᠯ︾ ᠤᠨ ᠳᠠᠶᠢᠯᠤᠮᠵᠢ
ᠨᠡᠶᠢᠲᠡᠯᠡᠭᠰᠡᠨ ᠴᠠᠭ᠄
2024/9/28
   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠦᠷᠭᠦᠯᠵᠢᠯᠡᠨ ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠲᠥᠰᠦᠯ        ᠨᠢᠭᠡ᠂ ᠬᠠᠷᠠᠯᠲᠠ ᠶᠢᠨ ᠡᠭᠦᠷᠭᠡ    2022 ᠣᠨ ᠤ ᠣᠷᠣᠯᠭ᠎ᠠ ᠨᠢ ᠬᠤᠶᠢᠨ᠎ᠠ ᠨᠢ ᠪᠠᠶᠢᠬᠤ ᠪᠥᠭᠡᠳ 2023 ᠣᠨ ᠤ ᠣᠷᠣᠯᠭ᠎ᠠ ᠶᠢ ᠬᠤᠶᠢᠨ᠎ᠠ ᠨᠢ 20% ᠶᠢᠨ ᠣᠷᠣᠯᠭ᠎ᠠ ᠪᠠᠷ ᠪᠠᠭᠤᠷᠠᠭᠤᠯᠤᠨ᠂ 2023 ᠣᠨ ᠤ ᠣᠷᠣᠯᠭ᠎ᠠ ᠶᠢ ᠪᠠᠭᠤᠷᠠᠭᠤᠯᠤᠨ ᠶᠠᠳᠠᠭᠤ ᠠᠴᠠ ᠠᠩᠭᠢᠵᠢᠷᠠᠭᠰᠠᠨ ᠡᠷᠦᠬᠡ᠂ 2023 ᠣᠨ ᠤ ᠬᠤᠶᠠᠳᠤᠭᠠᠷ ᠤᠯᠠᠷᠢᠯ ᠳᠤ ᠰᠢᠨ᠎ᠡ ᠪᠠᠷ ᠣᠷᠣᠭᠤᠯᠤᠭᠰᠠᠨ ᠬᠢᠨᠠᠨ ᠬᠡᠮᠵᠢᠭᠰᠡᠨ ᠡᠲᠡᠭᠡᠳ᠂ ᠣᠷᠣᠯᠭ᠎ᠠ ᠨᠢ ᠠᠶᠤᠯ ᠲᠦᠭᠰᠢᠭᠦᠷᠢ ᠪᠠᠷ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠲᠥᠷᠥ ᠶᠢᠨ ᠪᠣᠳᠣᠯᠭ᠎ᠠ ᠪᠠᠷ ᠦᠨᠳᠦᠰᠦᠨ ᠵᠦᠢᠯ ᠢ ᠪᠠᠲᠤᠯᠠᠬᠤ᠂ ᠬᠤᠣᠰᠯᠠᠨ ᠬᠠᠪᠰᠤᠷᠴᠤ ᠲᠡᠳᠬᠦᠬᠦ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠷᠦᠬᠡ ᠳᠤ ᠬᠦᠷᠴᠦ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠣᠷᠣᠯᠭ᠎ᠠ ᠪᠠᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ᠃     ᠬᠤᠶᠠᠷ᠂ ᠠᠵᠢᠯ ᠤᠨ ᠠᠯᠬᠤᠮ ᠳᠠᠷᠠᠭ᠎ᠠ    ︵ᠨᠢᠭᠡ︶ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠶᠡᠷᠦᠩᠬᠡᠶᠢᠯᠡᠨ ᠰᠤᠳᠤᠯᠤᠨ ᠮᠠᠭᠠᠳᠯᠠᠨ᠎ᠠ ︵6 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠳᠠᠭᠤᠰᠬᠠᠨ᠎ᠠ︶᠃    ᠡᠯ᠎ᠡ ᠰᠤᠮᠤ ᠪᠠᠯᠭᠠᠰᠤ ᠬᠤᠶᠠᠳᠤᠭᠠᠷ ᠤᠯᠠᠷᠢᠯ ᠳᠤ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠢᠨᠠᠨ ᠬᠡᠮᠵᠢᠵᠦ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ 2022 ᠣᠨ ᠤ ᠣᠷᠣᠯᠭ᠎ᠠ ᠨᠢ ᠬᠤᠶᠢᠨ᠎ᠠ ᠪᠠᠶᠢᠭ᠎ᠠ ᠮᠥᠷᠲᠡᠭᠡᠨ 2023 ᠣᠨ ᠤ ᠣᠷᠣᠯᠭ᠎ᠠ ᠶᠢ ᠬᠤᠶᠢᠨ᠎ᠠ ᠠᠴᠠ ᠪᠠᠨ ᠪᠠᠭᠤᠷᠠᠭᠤᠯᠤᠭᠰᠠᠨ ᠡᠷᠦᠬᠡ᠂ 2023 ᠣᠨ ᠤ ᠣᠷᠣᠯᠭ᠎ᠠ ᠶᠢ ᠪᠠᠷᠤᠭᠴᠠᠭᠠᠯᠠᠭᠰᠠᠨ ᠤ ᠳᠠᠷᠠᠭ᠎ᠠ 20% ᠶᠢᠨ ᠣᠷᠣᠯᠭ᠎ᠠ ᠶᠢ ᠪᠠᠭᠤᠷᠠᠭᠤᠯᠤᠭᠰᠠᠨ ᠡᠷᠦᠬᠡ᠂ 2023 ᠣᠨ ᠤ ᠬᠤᠶᠠᠳᠤᠭᠠᠷ ᠤᠯᠠᠷᠢᠯ ᠳᠤ ᠰᠢᠨ᠎ᠡ ᠪᠠᠷ ᠣᠷᠣᠭᠤᠯᠤᠭᠰᠠᠨ ᠬᠢᠨᠠᠨ ᠬᠡᠮᠵᠢᠬᠦ ᠡᠲᠡᠭᠡᠳ᠂ ᠣᠷᠣᠯᠭ᠎ᠠ ᠨᠢ ᠪᠠᠭᠤᠷᠠᠬᠤ ᠲᠦᠭᠰᠢᠭᠦᠷᠢ ᠪᠠᠷ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠡᠷᠡᠭᠦᠯ ᠮᠡᠨᠳᠦ ᠶᠢᠨ ᠪᠠᠶᠢᠳᠠᠯ᠂ ᠬᠥᠯᠥᠰᠥᠨ ᠠᠵᠢᠯ ᠬᠢᠵᠦ ᠠᠵᠢᠯ ᠣᠯᠭᠤᠬᠤ᠂ ᠲᠠᠷᠢᠵᠤ ᠲᠡᠵᠢᠭᠡᠨ ᠦᠷᠡᠵᠢᠭᠦᠯᠬᠦ ᠬᠡᠪᠴᠢᠶ᠎ᠡ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠣᠷᠣᠯᠭ᠎ᠠ᠂ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠵᠡᠷᠭᠡ ᠪᠠᠶᠢᠳᠠᠯ ᠢ ᠣᠶᠢᠯᠠᠭᠠᠨ ᠪᠠᠶᠢᠴᠠᠭᠠᠯᠲᠠ ᠬᠢᠵᠦ᠂ 2024 ᠣᠨ ᠤ ᠣᠷᠣᠯᠭ᠎ᠠ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠨ᠎ᠠ᠃    ︵ᠬᠤᠶᠠᠷ︶ ᠡᠷᠦᠬᠡ ᠳᠤ ᠬᠤᠯᠪᠣᠭᠠᠯᠠᠵᠤ᠂ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠨ᠎ᠡ ︵6 ᠳ᠋ᠤᠭᠠᠷ ᠰᠠᠷ᠎ᠠ ᠶᠢᠨ 27 ᠤ ᠡᠳᠦᠷ ᠠᠴᠠ ᠡᠮᠦᠨ᠎ᠡ ᠡᠷᠦᠬᠡ ᠳᠤ ᠬᠤᠯᠪᠣᠭᠳᠠᠭᠤᠯᠬᠤ ᠶᠢ ᠪᠡᠶᠡᠯᠡᠭᠦᠯᠵᠦ᠂ 7 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠬᠠᠪᠰᠤᠷᠤᠨ ᠲᠡᠳᠬᠦᠬᠦ ᠲᠥᠯᠥᠪᠯᠡᠭᠡ ᠶᠢ ᠲᠣᠭᠲᠠᠭᠠᠨ᠎ᠠ︶᠃    ︵ᠭᠤᠷᠪᠠ︶ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠷᠣᠯᠭ᠎ᠠ ᠶᠢᠨ ᠨᠡᠮᠡᠭᠳᠡᠯ ᠢ ᠦᠨᠡᠨᠬᠦ ᠪᠠᠲᠤᠯᠠᠨ᠎ᠠ ︵7 ᠳ᠋ᠤᠭᠠᠷ ᠰᠠᠷ᠎ᠠ ᠶᠢᠨ 3 ᠤ ᠡᠳᠦᠷ ᠠᠴᠠ ᠡᠮᠦᠨ᠎ᠡ ᠪᠤᠢ ᠪᠦᠬᠦᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ︶᠃    ᠭᠤᠷᠪᠠ᠂ ᠠᠵᠢᠯ ᠤᠨ ᠠᠷᠭ᠎ᠠ ᠬᠡᠮᠵᠢᠶ᠎ᠡ    ︵ᠨᠢᠭᠡ︶ ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠢ ᠣᠷᠣᠯᠭ᠎ᠠ ᠪᠠᠨ ᠳᠡᠭᠡᠭᠰᠢᠯᠡᠬᠦᠯᠦᠨ᠎ᠡ᠃    ︵ᠬᠤᠶᠠᠷ︶ ᠴᠠᠯᠢᠩ ᠤᠨ ᠴᠢᠨᠠᠷᠲᠠᠢ ᠣᠷᠣᠯᠭ᠎ᠠ ᠶᠢ ᠨᠡᠮᠡᠭᠳᠡᠬᠦᠯᠦᠨ᠎ᠡ᠃    ︵ᠭᠤᠷᠪᠠ︶ ᠰᠢᠯᠵᠢᠯᠲᠡ ᠶᠢᠨ ᠴᠢᠨᠠᠷᠲᠠᠢ ᠣᠷᠣᠯᠭ᠎ᠠ ᠶᠢ ᠳᠤᠭᠳᠠᠪᠦᠷᠢᠵᠢᠭᠤᠯᠤᠨ᠎ᠠ᠃    ︵ᠳᠥᠷᠪᠡ︶ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠪᠠᠨ ᠳᠡᠭᠡᠭᠰᠢᠯᠡᠬᠦᠯᠦᠨ᠎ᠡ ᠃    ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠠᠮᠢᠳᠤᠯᠢᠭ ᠰᠠᠶᠢᠲᠤᠷ ᠬᠡᠷᠡᠭᠯᠡᠨ᠎ᠡ᠃     ︵ᠬᠤᠶᠠᠷ︶ ᠠᠵᠢᠯ ᠣᠯᠭᠤᠬᠤ ᠪᠣᠯᠪᠠᠰᠤᠷᠠᠭᠤᠯᠤᠯ ᠤᠨ ᠵᠢᠯᠣᠭᠤᠳᠣᠯᠭ᠎ᠠ ᠶᠢ ᠴᠢᠩᠭᠠᠳᠬᠠᠨ᠎ᠠ᠃     ︵ᠭᠤᠷᠪᠠ︶ ᠠᠵᠢᠯ ᠣᠯᠭᠤᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃     ︵ᠳᠥᠷᠪᠡ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ᠃     ᠲᠠᠪᠤ᠂ ᠠᠵᠢᠯ ᠤᠨ ᠱᠠᠭᠠᠷᠳᠠᠯᠭ᠎ᠠ    ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠬᠦᠯᠦᠨ᠎ᠡ᠃ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ ᠡᠷᠦᠬᠡ ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠠᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠦᠴᠦᠲᠡᠢ ᠭᠠᠷᠳᠠᠴᠠ ᠮᠥᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠴᠢᠬᠤᠯᠠ ᠪᠠᠲᠤᠯᠠᠭ᠎ᠠ ᠮᠥᠨ᠃ ᠡᠯ᠎ᠡ ᠰᠤᠮᠤ ᠪᠠᠯᠭᠠᠰᠤ ᠡᠨᠡ ᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠠᠷᠠᠳ ᠲᠦᠮᠡᠨ ᠢ ᠳᠡᠭᠡᠳᠦᠯᠡᠬᠦ︾ ᠶᠢ ᠪᠠᠷᠢᠮᠲᠠᠯᠠᠨ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠣᠢ ᠪᠣᠯᠭᠠᠵᠤ᠂ ᠣᠷᠣᠯᠭ᠎ᠠ ᠶᠢ ᠨᠡᠮᠡᠭᠳᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ᠃    ︵ᠬᠤᠶᠠᠷ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠰᠤᠮᠤ ᠪᠠᠯᠭᠠᠰᠤᠨ ᠤ ᠨᠠᠮ ᠤᠨ ᠬᠤᠷᠢ᠊ ᠡᠶ᠎ᠡ ᠵᠠᠰᠠᠭ ᠤᠨ ᠣᠷᠳᠣᠨ ᠣᠷᠣᠯᠭ᠎ᠠ ᠶᠢ ᠨᠡᠮᠡᠭᠳᠡᠭᠦᠯᠬᠦ ᠪᠣᠳᠠᠲᠠᠢ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔ ᠡᠯ᠎ᠡ ᠭᠠᠴᠠᠭ᠎ᠠ ᠡᠳᠦᠷ ᠲᠤᠲᠤᠮ ᠤᠨ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃    ︵ᠭᠤᠷᠪᠠ︶ ᠠᠵᠢᠯ ᠤᠨ ᠪᠣᠳᠠᠲᠠᠢ ᠦᠷ᠎ᠡ ᠪᠦᠲᠦᠮᠵᠢ ᠶᠢ ᠦᠨᠡᠨᠬᠦᠦ ᠪᠠᠲᠤᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠨᠢ ᠬᠤᠶᠠᠳᠤᠭᠠᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢᠨ ᠲᠥᠪᠯᠡᠷᠡᠭᠦᠯᠦᠨ ᠵᠢᠭᠰᠠᠭᠠᠨ ᠪᠠᠶᠢᠴᠠᠭᠠᠭᠰᠠᠨ ᠦᠷ᠎ᠡ ᠳ᠋ᠦᠩ ᠢ ᠨᠢᠭᠡᠳᠦᠯᠲᠡᠢ ᠲᠥᠯᠥᠪᠯᠡᠨ ᠠᠰᠢᠭᠯᠠᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠬᠥᠮᠦᠰ ᠢ ᠵᠢᠭᠰᠠᠭᠠᠨ ᠪᠠᠶᠢᠴᠠᠭᠠᠬᠤ᠂ ᠬᠠᠪᠰᠤᠷᠤᠨ ᠲᠡᠳᠬᠦᠬᠦ ᠲᠥᠯᠥᠪᠯᠡᠭᠡ ᠶᠢ ᠲᠣᠭᠲᠠᠭᠠᠬᠤ ᠪᠠ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠪᠡᠶᠡᠯᠡᠭᠦᠯᠦᠭᠰᠡᠨ ᠪᠥᠭᠡᠳ 7 ᠳ᠋ᠤᠭᠠᠷ ᠰᠠᠷ᠎ᠠ ᠶᠢᠨ 3 ᠤ ᠡᠳᠦᠷ ᠠᠴᠠ ᠡᠮᠦᠨ᠎ᠡ᠂ 2023 ᠣᠨ ᠤ ᠣᠷᠣᠯᠭ᠎ᠠ ᠶᠢ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠡᠷᠦᠬᠡ ᠪᠠ 2024 ᠣᠨ ᠤ ᠬᠤᠶᠠᠳᠤᠭᠠᠷ ᠤᠯᠠᠷᠢᠯ ᠳᠤ ᠰᠢᠨ᠎ᠡ ᠪᠠᠷ ᠣᠷᠣᠭᠤᠯᠤᠭᠰᠠᠨ ᠬᠢᠨᠠᠨ ᠬᠡᠮᠵᠢᠬᠦ ᠡᠲᠡᠭᠡᠳ᠂ ᠣᠷᠣᠯᠭ᠎ᠠ ᠨᠢ ᠪᠠᠭᠤᠷᠠᠬᠤ ᠲᠦᠭᠰᠢᠭᠦᠷᠢ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠯᠭ᠎ᠠ ᠶᠢ ᠨᠠᠶᠢᠳᠠᠪᠤᠷᠢᠵᠢᠭᠤᠯᠤᠭᠰᠠᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳᠡᠭᠡᠭᠰᠢ ᠮᠡᠳᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号