ᠦᠨᠳᠦᠰᠦᠲᠡᠨ ᠤ ᠪᠦᠯᠬᠦᠮᠳᠡᠯ ᠤᠨ ᠬᠦᠴᠦᠨ ᠢ ᠨᠢᠭᠲᠠᠷᠠᠭᠤᠯᠵᠤ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2024/9/29
   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 27 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠡᠮᠲᠦ ᠶᠢᠨ ᠭᠤᠣᠯ ᠰᠤᠮᠤ ᠶᠢᠨ ᠪᠠᠶᠠᠨᠤᠪᠤᠭ᠎ᠠ ᠭᠠᠴᠠᠭ᠎ᠠ ᠳᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠣᠰᠬᠤᠨ ᠳᠤ ᠰᠠᠭᠤᠭ᠎ᠠ ᠠᠵᠢᠯᠲᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠦᠬᠦ ᠺᠠᠳ᠋ᠷ ᠵᠢᠴᠢ ᠭᠤᠷᠪᠠᠨ ᠱᠠᠲᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠠᠴᠠᠭᠠᠨ ᠤ ᠣᠯᠠᠨ ᠲᠦᠮᠡᠨ ᠤ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃    ᠡᠮᠲᠦ ᠶᠢᠨ ᠭᠤᠣᠯ ᠰᠤᠮᠤᠨ ᠤ ᠪᠠᠶᠠᠨᠣᠪᠣᠭ᠎ᠠ ᠭᠠᠴᠠᠭᠠᠨ ᠤ ᠬᠤᠷᠠᠯ ᠤᠨ ᠭᠡᠷ ᠲᠤ᠂ ᠨᠠᠮ ᠤᠨ ᠰᠤᠷᠭᠠᠭᠤᠯᠢ ᠶᠢᠨ ᠪᠠᠭᠰᠢ ᠨᠠᠷ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠵᠤ᠂ ᠦᠨᠳᠦᠰᠦᠲᠡᠨ ᠤ ᠪᠦᠯᠬᠦᠮᠳᠡᠯ ᠤᠨ ᠤᠯᠤᠰ ᠤᠨ ᠴᠡᠴᠡᠭᠯᠡᠯ᠂ ᠦᠨᠳᠦᠰᠦᠲᠡᠨ ᠤ ᠬᠥᠭᠵᠢᠯᠲᠡ ᠳᠤ ᠦᠵᠡᠭᠦᠯᠬᠦ ᠵᠠᠩᠭᠢᠯᠠᠭ᠎ᠠ ᠶᠢᠨ ᠦᠢᠯᠡᠳᠦᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠲᠤᠬᠠᠢ ᠶᠢᠨ ᠲᠠᠯᠠᠪᠠᠢ ᠳᠤ ᠪᠠᠶᠢᠭ᠎ᠠ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ ᠭᠦᠨ ᠰᠡᠩᠬᠡᠷᠡᠭᠦᠯᠦᠯ ᠥᠭᠴᠦ᠂ ᠦᠨᠳᠦᠰᠦᠲᠡᠨ ᠤ ᠪᠦᠯᠬᠦᠮᠳᠡᠯ ᠪᠣᠯ ᠤᠯᠤᠰ ᠤᠨ ᠲᠣᠭᠲᠠᠭᠤᠨ ᠤ ᠰᠠᠭᠤᠷᠢ᠂ ᠦᠨᠳᠦᠰᠦᠲᠡᠨ ᠤ ᠬᠥᠭᠵᠢᠯᠲᠡ ᠶᠢᠨ ᠦᠨᠳᠦᠰᠦ ᠮᠥᠨ ᠭᠡᠳᠡᠭ ᠢ ᠨᠡᠩ ᠭᠦᠨᠵᠡᠭᠡᠢ ᠲᠠᠨᠢᠭᠤᠯᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠢᠲᠡᠭᠡᠯ ᠵᠣᠷᠢᠭ ᠢ ᠨᠡᠩ ᠪᠠᠲᠤᠳᠬᠠᠪᠠ᠃ ᠨᠠᠮ ᠤᠨ ᠰᠤᠷᠭᠠᠭᠤᠯᠢ ᠶᠢᠨ ᠪᠠᠭᠱᠢ ︽ᠵᠢᠷᠭᠤᠭᠠᠨ ᠦᠭᠡ ᠶᠢᠨ ᠪᠣᠳᠠᠲᠤ ᠬᠡᠷᠡᠭ ᠪᠠ ᠶᠣᠰᠣ ᠤᠴᠢᠷ︾ ᠭᠡᠬᠦ ᠲᠤᠰᠭᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ᠃ ︽ᠡᠨᠡ ᠵᠢᠯ ᠤᠨ 9 ᠰᠠᠷ᠎ᠠ ᠪᠣᠯ 41 ᠳ᠋ᠦ᠋ᠭᠡᠷ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠤᠨ᠎ᠠ᠂ ᠮᠠᠨ ᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠤᠷᠪᠠᠳᠤᠭᠠᠷ ᠳᠡᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠠᠪᠰᠤᠷᠤᠨ ᠲᠡᠳᠬᠦᠬᠦ ᠠᠵᠢᠯᠯᠠᠭ᠎ᠠ ᠶᠢ ᠬᠠᠮᠲᠤᠷᠠᠨ ᠵᠣᠬᠢᠶᠠᠨ ᠪᠠᠶᠢᠭᠤᠯᠵᠤ ᠤᠬᠠᠭᠤᠯᠬᠤ ᠠᠵᠢᠯᠯᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠣᠰᠬᠤᠨ ᠳᠤ ᠰᠠᠭᠤᠭ᠎ᠠ ᠺᠠᠳ᠋ᠷ ᠪᠣᠯᠤᠭᠰᠠᠨ ᠤ ᠬᠤᠪᠢ ᠳᠤ᠂ ᠪᠢᠳᠡ ᠢᠮᠠᠭᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ ᠪᠣᠯᠭᠠᠨ ᠡᠯ᠎ᠡ ᠵᠦᠢᠯ ᠤᠨ ᠠᠵᠢᠯ ᠢᠶᠠᠨ ᠥᠷᠨᠢᠭᠦᠯᠵᠦ᠂ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢᠨ ᠴᠢᠬᠤᠯᠠ ᠴᠢᠨᠠᠷ ᠢ ᠨᠡᠩ ᠭᠦᠨᠵᠡᠭᠡᠢ ᠣᠶᠢᠯᠠᠭᠠᠭᠤᠯᠪᠠ᠃ ᠬᠤᠶᠢᠰᠢᠳᠠ ᠶᠢᠨ ᠬᠠᠪᠰᠤᠷᠤᠨ ᠲᠡᠳᠬᠦᠬᠦ ᠠᠵᠢᠯ ᠤᠨ ᠳᠤᠮᠳᠠ᠂ ᠪᠢᠳᠡ ᠦᠷᠭᠦᠯᠵᠢᠯᠡᠨ ᠪᠦᠬᠦ ᠬᠦᠴᠦᠨ ᠢᠶᠠᠷ ᠢᠶᠠᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠬᠠᠮᠲᠤᠪᠠᠷ ᠪᠦᠯᠬᠦᠮᠳᠡᠨ ᠳᠠᠪᠰᠢᠵᠤ᠂ ᠬᠠᠮᠲᠤᠪᠠᠷ ᠴᠡᠴᠡᠭᠯᠡᠨ ᠬᠥᠭᠵᠢᠨ᠎ᠡ︾ ᠬᠡᠵᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠦᠯᠢᠶᠡᠮᠤᠳᠤ ᠪᠠᠯᠭᠠᠰᠤ ᠶᠢᠨ ᠶᠤᠸᠠᠨ ᠪᠤᠤ ᠳᠦᠨ ᠭᠠᠴᠠᠭᠠᠨ ᠳᠤ ᠲᠣᠮᠢᠯᠠᠭᠰᠠᠨ ᠺᠠᠳ᠋ᠷ ᠴᠢᠨ ᠭᠠᠨ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号