2024 ᠬᠢᠩᠭᠠᠨ ᠠᠶᠢᠮᠠᠭ ᠤᠨ ᠪᠠᠲᠤᠴᠠᠭᠠᠨ ᠤ ᠰᠣᠶᠣᠯ ᠵᠢᠭᠤᠯᠴᠢᠯᠠᠯ ᠤᠨ ᠤᠯᠠᠷᠢᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠡᠬᠢᠯᠡᠪᠡ
ᠨᠡᠶᠢᠲᠡᠯᠡᠭᠰᠡᠨ ᠴᠠᠭ᠄
2024/9/29
   9 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠠᠮᠲᠤ ᠪᠠᠷ ᠭᠤᠣᠯᠯᠠᠨ ᠡᠷᠬᠢᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠠᠴᠠ ᠳᠠᠭᠠᠭᠠᠴᠢᠯᠠᠨ ᠡᠷᠬᠢᠯᠡᠭᠰᠡᠨ 2024 ᠬᠢᠩᠭᠠᠨ ᠠᠶᠢᠮᠠᠭ ᠤᠨ ᠪᠠᠲᠤᠴᠠᠭᠠᠨ ᠤ ᠰᠣᠶᠣᠯ ᠵᠢᠭᠤᠯᠴᠢᠯᠠᠯ ᠤᠨ ᠤᠯᠠᠷᠢᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠲᠤᠴᠠᠭᠠᠨ ᠤ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠦᠪᠡᠳᠡᠭᠰᠢ ᠶᠡᠭᠡ ᠪᠠᠷ ᠡᠬᠢᠯᠡᠪᠡ᠃     ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠱᠤ᠋ ᠴᠧᠩ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠭᠦᠸᠧ ᠬᠤᠩ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠭᠦᠸᠧ ᠲᠠᠩ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠠᠩ ᠶᠥᠩ ᠵᠢᠦ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠦᠴᠢᠦᠸᠠᠨ ᠰᠢᠶᠠᠨ ᠤ ᠨᠠᠮ ᠤᠨ ᠬᠤᠷᠢ᠊ ᠡᠶ᠎ᠡ ᠶᠢᠨ ᠱᠦᠵᠢ ᠵᠠᠩ ᠱᠤᠸᠠᠩ ᠴᠧᠩ᠂ ᠠᠶᠢᠮᠠᠭ ᠤᠨ ᠵᠠᠬᠢᠷᠭ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠯᠢ ᠶᠠᠨ ᠵᠡᠷᠭᠡ ᠠᠶᠢᠮᠠᠭ ᠤᠨ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠬᠤᠰᠢᠭᠤᠨ ᠤ ᠤᠳᠤᠷᠢᠳᠤᠯᠭ᠎ᠠ ᠼᠠᠢ ᠪᠦᠦ ᠵᠢᠶᠦ᠋ᠨ᠂ ᠪᠦᠦ ᠬᠥᠭᠵᠢᠯᠲᠦ᠂ ᠴᠡᠩᠭᠡᠯᠳᠦ ᠨᠡᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠱᠤ᠋ ᠴᠧᠩ ᠠᠵᠢᠯᠯᠠᠭ᠎ᠠ ᠡᠬᠢᠯᠡᠭᠰᠡᠨ ᠢ ᠵᠠᠷᠯᠠᠪᠠ᠃    ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠲᠥᠯᠥᠭᠡᠯᠡᠨ ᠪᠦᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠴᠢᠳ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠲᠣᠭᠤᠷᠢᠨ ᠵᠢᠭᠤᠯᠴᠢᠯᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠂ ᠲᠡᠷᠡ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠨᠡᠷᠡᠲᠦ ᠳᠡᠮᠳᠡᠭ ᠢᠶᠠᠷ ᠭᠠᠷᠳᠠᠴᠠ ᠪᠣᠯᠭᠠᠵᠤ᠂ ︽ᠰᠣᠶᠣᠯ ᠵᠢᠭᠤᠯᠴᠢᠯᠠᠯ ᠤᠨ ᠳᠥᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ︽ᠰᠣᠶᠣᠯ ᠵᠢᠭᠤᠯᠴᠢᠯᠠᠯ ᠢ ᠠᠮᠢᠳᠤᠯᠢᠭ ᠪᠠᠶᠢᠯᠭᠠᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ︽ᠰᠣᠶᠣᠯ ᠵᠢᠭᠤᠯᠴᠢᠯᠠᠯ ᠢ ᠠᠮᠢᠳᠤᠯᠢᠭ ᠪᠣᠯᠭᠠᠬᠤ︾ ᠬᠥᠭᠵᠢᠯᠲᠡ ᠶᠢᠨ ᠰᠡᠳᠬᠢᠮᠵᠢ ᠶᠢ ᠭᠦᠨᠵᠡᠭᠡᠶᠢᠷᠡᠭᠦᠯᠦᠨ ᠥᠷᠭᠡᠳᠬᠡᠵᠦ᠂ ᠪᠠᠲᠤᠴᠠᠭᠠᠨ ᠤ ᠰᠣᠶᠣᠯ ᠵᠢᠭᠤᠯᠴᠢᠯᠠᠯ ᠤᠨ ᠤᠯᠠᠷᠢᠯ ᠢ ᠡᠷᠬᠢᠯᠡᠬᠦ ᠪᠠᠷ ᠳᠠᠮᠵᠢᠭᠤᠯᠤᠨ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠠᠭᠤᠷ ᠠᠮᠢᠰᠬᠤᠯ ᠢ ᠪᠣᠢ ᠪᠣᠯᠭᠠᠵᠤ ᠂ ︽ᠥᠪᠥᠷ ᠮᠣᠩᠭᠤᠯ ᠢᠶᠠᠷ ᠵᠤᠭᠠᠴᠠᠬᠤ · ᠳᠠᠪᠠᠭᠠᠨ ᠳᠠᠬᠢ ᠬᠢᠩᠭᠠᠨ ᠠᠶᠢᠮᠠᠭ︾ ᠤᠨ ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ ᠠᠭᠤᠯᠤᠭᠳᠠᠬᠤᠨ ᠪᠠ ᠠᠯᠳᠠᠷᠰᠢᠯ ᠢ ᠦᠷᠭᠦᠯᠵᠢᠯᠡᠨ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ ᠪᠠᠶᠢᠨ᠎ᠠ᠃    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠠᠷ ᠨᠡᠷ᠎ᠡ ᠳᠤᠷᠠᠳᠤᠭᠳᠠᠭᠴᠢ ᠪᠦᠦ ᠬᠥᠭᠵᠢᠯᠳᠦ ᠡᠬᠢᠯᠡᠯᠲᠡ ᠶᠢᠨ ᠶᠣᠰᠣᠯᠠᠯ ᠢ ᠡᠷᠬᠢᠯᠡᠪᠡ᠃ ᠡᠬᠢᠯᠡᠯᠲᠡ ᠶᠢᠨ ᠶᠣᠰᠣᠯᠠᠯ ᠤᠨ ᠬᠡᠯᠪᠡᠷᠢ ᠪᠠᠷ ᠭᠤᠶᠢᠳᠠ ᠰᠠᠶᠢᠬᠠᠨ ᠬᠥᠰᠢᠭᠡ ᠪᠠᠨ ᠰᠡᠬᠦᠵᠦ᠂ ᠬᠤᠷᠠᠯ ᠳᠤ ᠣᠷᠣᠯᠴᠠᠭᠰᠠᠳ ᠲᠣᠭᠯᠠᠯᠲᠠ ᠶᠢᠨ ᠳᠤᠮᠳᠠ ᠭᠦᠨᠵᠡᠭᠡᠶᠢᠷᠡᠵᠦ᠂ ᠲᠣᠭᠯᠠᠭᠴᠢ ᠲᠠᠢ ᠭᠦᠨᠵᠡᠭᠡᠢ ᠬᠥᠳᠡᠯᠦᠯᠴᠡᠵᠦ᠂ ᠥᠷᠭᠡᠨ ᠣᠯᠠᠨ ᠵᠤᠭᠠᠴᠠᠭᠰᠠᠳ ᠲᠤ ᠤᠷᠢᠳ ᠡᠮᠦᠨ᠎ᠡ ᠪᠠᠶᠢᠭ᠎ᠠ ᠦᠭᠡᠢ ᠰᠡᠳᠬᠢᠯ ᠳᠣᠭᠳᠣᠯᠤᠯ ᠪᠠ ᠪᠠᠶᠠᠷ ᠪᠠᠭ᠋ᠠᠳᠤᠯ ᠢ ᠮᠡᠳᠡᠷᠡᠭᠦᠯᠪᠡ᠃  ᠬᠤᠷᠠᠯ ᠳᠤ ᠣᠷᠣᠯᠴᠠᠭᠰᠠᠳ ᠪᠠᠰᠠ ᠲᠦᠰᠢᠶᠡᠲᠦ ᠴᠢᠨ ᠸᠠᠩ ᠤᠨ ᠣᠷᠳᠣᠨ ᠤ ᠦᠵᠡᠮᠵᠢ ᠶᠢᠨ ᠣᠷᠣᠨ ᠳᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠬᠤᠲᠠ ᠶᠢᠨ ᠬᠡᠷᠡᠮ ᠤᠨ ᠰᠢᠨ᠎ᠡ ᠤᠯᠤᠰ ᠤᠨ ᠰᠠᠯᠬᠢᠨ ᠤ ᠲᠣᠭᠯᠠᠯᠲᠠ᠂ ᠣᠷᠣᠨ ᠨᠤᠲᠤᠭ ᠤᠨ ᠣᠨᠴᠠᠯᠢᠭᠲᠤ ᠪᠥᠵᠢᠭ ᠂ ᠠᠷᠰᠯᠠᠨ ᠪᠥᠵᠢᠭ᠂ ᠭᠠᠯ ᠰᠦᠷᠴᠢᠬᠦ᠂ ᠭᠠᠯᠲᠤ ᠳᠡᠪᠦᠷ᠎ᠡ ᠶᠢᠨ ᠲᠣᠭᠯᠠᠯᠲᠠ ᠵᠡᠷᠭᠡ ᠶᠢ ᠰᠣᠨᠢᠷᠬᠠᠪᠠ᠃ ᠬᠤᠷᠠᠯ ᠳᠤ ᠣᠷᠣᠯᠴᠠᠭᠰᠠᠳ ᠲᠤᠬᠠᠢ ᠶᠢᠨ ᠲᠠᠯᠠᠪᠠᠢ ᠳᠤ ᠬᠤᠲᠠ ᠶᠢᠨ ᠬᠡᠷᠡᠮ ᠤᠨ ᠰᠢᠨ᠎ᠡ ᠤᠯᠤᠰ ᠤᠨ ᠰᠤᠷᠲᠠᠯ ᠤᠨ ᠲᠣᠭᠯᠠᠯᠲᠠ ᠶᠢ ᠰᠣᠨᠢᠷᠬᠠᠪᠠ᠃ ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠠᠲᠤᠴᠠᠭᠠᠨ ᠤ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢ ᠦᠷᠭᠦᠯᠵᠢᠯᠡᠨ ᠪᠣᠢ ᠪᠣᠯᠭᠠᠵᠤ᠂ ᠰᠣᠶᠣᠯ ᠤᠨ ︽ᠲᠠᠪᠴᠠᠩ ᠪᠠᠶᠢᠭᠤᠯᠬᠤ︾ ᠵᠢᠭᠤᠯᠴᠢᠯᠠᠯ ᠤᠨ ︽ᠰᠢ ᠳᠠᠭᠤᠯᠠᠬᠤ︾ ᠪᠠᠷ ᠳᠠᠮᠵᠢᠭᠤᠯᠤᠨ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠦᠵᠡᠮᠵᠢ ᠶᠢᠨ ᠣᠷᠣᠨ ᠤ ᠤᠷᠤᠰᠬᠠᠯ ᠤᠨ ᠬᠡᠮᠵᠢᠶ᠎ᠡ ᠶᠢ ᠳᠠᠶᠢᠴᠢᠯᠠᠨ᠂ ᠠᠯᠳᠠᠷᠰᠢᠯ ᠢ ᠳᠡᠭᠡᠭᠰᠢᠯᠡᠭᠦᠯᠵᠦ᠂ ᠡᠷᠭᠢᠨ ᠲᠣᠭᠤᠷᠢᠨ ᠤ ᠣᠯᠠᠨ ᠲᠦᠮᠡᠨ ᠤ ᠠᠰᠢᠭ ᠬᠦᠷᠲᠡᠬᠦ ᠶᠢ ᠳᠠᠶᠢᠴᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠪᠦᠬᠦ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠠᠬᠢᠭᠤᠯᠪᠠ᠃    ᠣᠶᠢᠯᠠᠭᠠᠭᠰᠠᠨ ᠢᠶᠠᠷ᠂ ᠲᠤᠰ ᠤᠳᠠᠭᠠᠨ ᠤ ᠵᠢᠭᠤᠯᠴᠢᠯᠠᠯ ᠤᠨ ᠤᠯᠠᠷᠢᠯ ᠨᠢ ︽ᠥᠪᠥᠷ ᠮᠣᠩᠭᠤᠯ · ᠳᠠᠪᠠᠭᠠᠨ ᠳᠡᠭᠡᠷᠡᠬᠢ ᠬᠢᠩᠭᠠᠨ ᠠᠶᠢᠮᠠᠭ︾ ᠤᠨ ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ ᠬᠤᠪᠢᠶᠠᠷᠢ ᠠᠵᠢᠯᠯᠠᠭ᠎ᠠ ᠪᠣᠯᠤᠭᠰᠠᠨ ᠤ ᠬᠤᠪᠢ ᠳᠤ᠂ ᠠᠵᠢᠯᠯᠠᠭ᠎ᠠ ᠨᠢ 9 ᠰᠠᠷ᠎ᠠ ᠶᠢᠨ 20 ᠤ ᠡᠳᠦᠷ ᠠᠴᠠ 10 ᠰᠠᠷ᠎ᠠ ᠶᠢᠨ 27 ᠤ ᠡᠳᠦᠷ ᠪᠣᠯᠲᠠᠯ᠎ᠠ᠂ ᠪᠦᠬᠦ᠋ᠢᠯᠡ ︽10.1︾ ᠶᠢᠨ ᠠᠯᠲᠠᠨ ᠭᠠᠷᠠᠭ ᠢ ᠬᠠᠮᠤᠷᠴᠤ᠂ ᠠᠵᠢᠯᠯᠠᠭ᠎ᠠ ᠨᠢ ︽ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ︾ ᠲᠠᠢ ᠤᠶᠠᠯᠳᠤᠭᠤᠯᠤᠨ ᠭᠦᠨᠵᠡᠭᠡᠢ ᠠᠭᠤᠰᠤᠯᠴᠠᠵᠤ᠂ ᠤᠷᠠᠨ ᠲᠣᠭᠯᠠᠯᠲᠠ᠂ ᠤᠷᠤᠯᠳᠤᠭᠠᠨ᠂ ᠪᠡᠶᠡᠴᠢᠯᠡᠨ ᠣᠶᠢᠯᠠᠭᠠᠬᠤ᠂ ᠡᠵᠡᠩᠨᠡᠨ ᠪᠣᠷᠣᠯᠠᠭᠤᠯᠬᠤ ᠵᠡᠷᠭᠡ ᠣᠯᠠᠨ ᠬᠡᠯᠪᠡᠷᠢ ᠶᠢᠨ ᠠᠵᠢᠯᠯᠠᠭ᠎ᠠ ᠪᠠᠷ ᠳᠠᠮᠵᠢᠭᠤᠯᠤᠨ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠵᠢᠭᠤᠯᠴᠢᠯᠠᠭᠴᠢᠳ ᠲᠤ ᠪᠠᠲᠤᠴᠠᠭᠠᠨ ᠤ ᠣᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ᠮᠡᠳᠡᠷᠡᠭᠦᠯᠵᠦ᠂ ᠵᠢᠭᠤᠯᠴᠢᠯᠠᠯ ᠤᠨ ᠪᠠᠶᠠᠷ ᠪᠠᠭ᠋ᠠᠳᠤᠯ ᠢ ᠡᠳ᠋ᠯᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号