ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠯ᠎ᠠ ᠨᠤᠲᠤᠭ ᠤᠨ ᠰᠡᠯᠡᠭᠦᠴᠡᠯ ᠪᠡᠶ᠎ᠡ ᠶᠢᠨ ᠲᠠᠮᠢᠷ ᠤᠨ ᠶᠡᠭᠡ ᠬᠤᠷᠠᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠡᠬᠢᠯᠡᠪᠡ
ᠨᠡᠶᠢᠲᠡᠯᠡᠭᠰᠡᠨ ᠴᠠᠭ᠄
2024/9/29
    9 ᠰᠠᠷ᠎ᠠ ᠶᠢᠨ 28 ᠤ ᠡᠳᠦᠷ᠂ ︽ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠲᠠᠢ ᠪᠣᠯᠵᠣᠨ ᠰᠡᠯᠡᠭᠦᠴᠡᠯ ᠤᠨ ᠪᠡᠶ᠎ᠡ ᠶᠢᠨ ᠲᠠᠮᠢᠷ ᠢ ᠬᠠᠮᠲᠤᠪᠠᠷ ᠡᠳ᠋ᠯᠡᠶ᠎ᠡ︾ ᠭᠡᠬᠦ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠯ᠎ᠠ ᠨᠤᠲᠤᠭ ᠤᠨ ᠰᠡᠯᠡᠭᠦᠴᠡᠯ ᠪᠡᠶ᠎ᠡ ᠶᠢᠨ ᠲᠠᠮᠢᠷ ᠤᠨ ᠶᠡᠭᠡ ᠬᠤᠷᠠᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠦᠪᠡᠳᠡᠭᠰᠢ ᠶᠡᠭᠡ ᠪᠠᠷ ᠡᠬᠢᠯᠡᠪᠡ᠃    ᠲᠤᠰ ᠤᠳᠠᠭᠠᠨ ᠤ ᠶᠡᠭᠡ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠬᠢᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠠᠭᠠᠭᠠᠴᠢᠯᠠᠨ ᠡᠷᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠯ᠎ᠠ ᠨᠤᠲᠤᠭ ᠤᠨ ᠰᠡᠯᠡᠭᠦᠴᠡᠯ ᠪᠡᠶ᠎ᠡ ᠶᠢᠨ ᠲᠠᠮᠢᠷ ᠤᠨ ᠶᠡᠭᠡ ᠬᠤᠷᠠᠯ ᠡᠬᠢᠯᠡᠭᠰᠡᠨ ᠢ ᠵᠠᠷᠯᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠯ᠎ᠠ ᠨᠤᠲᠤᠭ ᠤᠨ ᠰᠡᠯᠡᠭᠦᠴᠡᠯ ᠪᠡᠶ᠎ᠡ ᠶᠢᠨ ᠲᠠᠮᠢᠷ ᠤᠨ ᠶᠡᠭᠡ ᠬᠤᠷᠠᠯ ᠡᠬᠢᠯᠡᠭᠰᠡᠨ ᠢ ᠵᠠᠷᠯᠠᠪᠠ᠃    ᠲᠤᠰ ᠬᠤᠭᠤᠴᠠᠭᠠᠨ ᠤ ᠶᠡᠭᠡ ᠬᠤᠷᠠᠯ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠡᠷᠬᠢᠯᠡᠵᠦ᠂ ᠣᠷᠣᠨ᠂ ᠠᠶᠢᠮᠠᠭ ᠬᠤᠶᠠᠷ ᠱᠠᠲᠤᠨ ᠤ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠮᠠᠨ ᠤ ᠬᠤᠰᠢᠭᠤᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠵᠤ ᠳᠡᠮᠵᠢᠬᠦ ᠶᠢ ᠭᠦᠨᠵᠡᠭᠡᠢ ᠢᠯᠡᠷᠡᠭᠦᠯᠵᠦ᠂ ︽ᠰᠠᠶᠢᠨ ᠡᠷᠬᠢᠯᠡᠭᠴᠢ ᠪᠣᠯᠵᠣ᠂ ᠰᠡᠯᠡᠭᠦᠴᠡᠯ ᠤᠨ ᠶᠡᠭᠡ ᠬᠤᠷᠠᠯ ᠢ ᠨᠠᠷᠢᠨ ᠨᠢᠮᠪᠠᠢ ᠪᠡᠯᠡᠳᠬᠡᠨ ᠡᠷᠬᠢᠯᠡᠬᠦ︾ ᠭᠤᠣᠯ ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠦᠨᠡᠨᠴᠢ ᠪᠠᠷ ᠦᠢᠯᠡᠴᠢᠯᠡᠵᠦ᠂ ᠤᠷᠤᠯᠳᠤᠭᠠᠨ ᠳᠤ ᠣᠷᠣᠯᠴᠠᠭᠰᠠᠳ ᠢ ᠵᠣᠴᠢᠳ ᠲᠤ ᠲᠠᠨᠢᠷ ᠢᠶᠠᠷ ᠠᠯᠳᠠᠷᠰᠢᠭᠤᠯᠵᠤ᠂ ᠲᠤᠰ ᠤᠳᠠᠭ᠎ᠠ ᠶᠢᠨ ᠶᠡᠭᠡ ᠬᠤᠷᠠᠯ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠤᠭ ᠵᠢᠪᠬᠤᠭ᠎ᠠ ᠶᠢ ᠢᠯᠡᠷᠡᠭᠦᠯᠬᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠷᠢᠳᠢ ᠰᠢᠳᠢ ᠶᠢ ᠳᠠᠮᠵᠢᠭᠤᠯᠬᠤ ᠴᠢᠬᠤᠯᠠ ᠴᠣᠩᠬᠤᠪᠴᠢ ᠪᠣᠯᠭᠠᠬᠤ ᠶᠢᠨ ᠬᠠᠮᠲᠤ ᠡᠯ᠎ᠡ ᠭᠠᠵᠠᠷ ᠤᠨ ᠨᠥᠬᠦᠷᠯᠡᠯ ᠤᠨ ᠭᠦᠨᠵᠡᠭᠡᠶᠢᠷᠡᠯ ᠪᠠ ᠤᠷᠤᠯᠳᠤᠭᠠᠨ ᠤ ᠲᠤᠷᠰᠢᠯᠭ᠎ᠠ ᠶᠢᠨ ᠥᠷᠭᠡᠨ ᠳᠡᠯᠭᠡᠷ ᠰᠣᠯᠢᠯᠴᠠᠭ᠎ᠠ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号