ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 85 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/29
   9 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 85 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ 9 ᠰᠠᠷ᠎ᠠ ᠶᠢᠨ 26 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠪᠠ ᠱᠠᠨᠰᠢ᠂ ᠭᠠᠨᠰᠦ ᠪᠠᠷ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠠᠶᠢᠮᠠᠭ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠪᠦᠬᠦ ᠬᠤᠰᠢᠭᠤᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠮᠠᠭᠠᠳᠯᠠᠯᠲᠠ ᠪᠣᠯᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠦ᠂ ᠲᠥᠪ ᠠᠴᠠ ᠨᠡᠶᠢᠲᠡᠯᠡᠭᠰᠡᠨ ᠡᠳ᠋ ᠤᠨ ᠵᠠᠰᠠᠭ᠂ ᠭᠠᠵᠠᠷ ᠰᠢᠷᠣᠢ᠂ ᠭᠡᠷ ᠪᠠᠶᠢᠰᠢᠩ ᠭᠠᠵᠠᠷ ᠬᠥᠷᠥᠩᠭᠡ᠂ ᠬᠡᠷᠡᠭᠯᠡᠭᠡ᠂ ᠠᠷᠠᠳ ᠤᠨ ᠠᠮᠢᠳᠤᠷᠠᠯ ᠵᠡᠷᠭᠡ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠬᠤ ᠶᠢ ᠨᠡᠩ ᠴᠢᠬᠤᠯᠠᠴᠢᠯᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ᠂ ᠬᠢᠨᠠᠨ ᠬᠠᠮᠢᠶᠠᠷᠬᠤ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ᠃ ᠳᠥᠷᠪᠡᠳᠦᠭᠡᠷ ᠤᠯᠠᠷᠢᠯ ᠤᠨ ᠡᠷᠬᠢᠮ ᠨᠠᠨᠳᠢᠨ ᠴᠠᠭ ᠢ ᠠᠮᠵᠢᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠬᠤᠷᠠᠯ ᠠᠴᠠ᠂ ᠬᠥᠭᠵᠢᠯᠲᠡ ᠶᠢᠨ ᠬᠡᠷᠡᠭᠴᠡᠭᠡ ᠪᠣᠯᠤᠨ ᠠᠷᠠᠳ ᠲᠦᠮᠡᠨ ᠤ ᠬᠦᠰᠡᠯ ᠡᠷᠡᠮᠡᠯᠵᠡᠯ ᠤᠨ ᠲᠣᠭᠤᠷᠢᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠣᠶᠣᠯ ᠤᠨ ᠥᠪ ᠤᠨ ᠬᠠᠮᠠᠭᠠᠯᠠᠯᠲᠠ ᠶᠢᠨ ᠲᠦᠪᠰᠢᠨ ᠢ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠣᠯᠠᠨ ᠲᠦᠮᠡᠨ ᠳᠤ ᠦᠢᠯᠡᠴᠢᠯᠡᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠣᠯᠠᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠦᠨᠳᠦᠰᠦᠨ ᠱᠠᠲᠤᠨ ᠤ ᠺᠠᠳ᠋ᠷᠴᠤᠳ ᠢ ᠨᠡᠩ ᠣᠯᠠᠨ ᠴᠠᠭ ᠪᠠ ᠣᠶᠤᠨ ᠴᠢᠳᠠᠯ ᠢᠶᠠᠨ ᠣᠯᠠᠨ ᠲᠦᠮᠡᠨ ᠳᠤ ᠦᠢᠯᠡᠴᠢᠯᠡᠬᠦ ᠳᠡᠭᠡᠷ᠎ᠡ ᠲᠠᠯᠪᠢᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠪᠣᠳᠠᠲᠠᠢ ᠤᠳᠤᠷᠢᠳᠤᠮᠵᠢ ᠶᠢ ᠪᠣᠢ ᠪᠣᠯᠭᠠᠬᠤ ᠬᠡᠷᠡᠭᠲᠡᠢ᠃ ᠠᠭᠤᠯᠠ ᠤᠰᠤ ᠣᠢ ᠮᠣᠳᠣ ᠭᠠᠵᠠᠷ ᠲᠠᠷᠢ᠊ ᠡᠶ᠎ᠡ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠢᠯᠠᠯᠲᠠ ᠣᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠤᠨ ᠰᠦᠪᠡᠭᠴᠢ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠳᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭ᠎ᠠ ᠠᠩᠬᠠᠷᠴᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠬᠤ ᠬᠡᠷᠡᠭᠲᠡᠢ᠃ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠴᠢᠩᠭ᠎ᠠ ᠠᠳᠬᠤᠵᠤ ᠂ ᠪᠠᠷᠢᠮᠵᠢᠶ᠎ᠠ ᠶᠢ ᠴᠢᠩᠳᠠᠯᠠᠵᠤ ᠪᠣᠭᠤᠮᠲᠠ ᠰᠢᠪᠲᠤᠯᠬᠤ ᠭᠤᠣᠯᠳᠠᠯᠭ᠎ᠠ ᠲᠠᠢ ᠬᠦᠷᠢᠶ᠎ᠡ ᠶᠢ ᠴᠡᠭᠴᠡᠯᠡᠨ ᠵᠠᠰᠠᠵᠤ᠂ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号