ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠵᠡᠪᠰᠡᠭ ᠤᠨ ᠡᠷᠳᠡᠮ ᠤᠨ ᠮᠥᠷᠦ᠋ᠢᠴᠡᠭᠡᠨ︾ ᠭᠡᠬᠦ ᠠᠶᠠᠨ ᠤ ᠪᠣᠯᠪᠠᠰᠤᠷᠠᠯ ᠤᠨ ᠦᠵᠡᠭᠦᠯᠦᠯᠭᠡ ᠶᠢᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/9/29
    ᠪᠦᠬᠦ ᠣᠷᠣᠨ᠂ ᠪᠦᠬᠦ ᠠᠶᠢᠮᠠᠭ ᠤᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠬᠦ ᠬᠤᠰᠢᠭᠤᠨ ᠤ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠤᠷᠤᠯᠳᠤᠭᠠᠨ ᠢᠶᠠᠷ ᠴᠢᠳᠠᠪᠤᠷᠢ ᠪᠠᠨ ᠳᠡᠭᠡᠭᠰᠢᠯᠡᠭᠦᠯᠬᠦ᠂ ᠬᠠᠷᠢᠴᠠᠯ ᠢᠶᠠᠷ ᠰᠤᠷᠤᠯᠴᠠᠬᠤ ᠶᠢ ᠠᠬᠢᠭᠤᠯᠬᠤ᠂ ᠰᠤᠷᠤᠯᠴᠠᠯᠭ᠎ᠠ ᠪᠠᠷ ᠺᠠᠳ᠋ᠷ ᠤᠨ ᠴᠢᠳᠠᠪᠤᠷᠢ ᠶᠢ ᠠᠬᠢᠭᠤᠯᠬᠤ ᠬᠢᠷᠢ ᠲᠦᠪᠰᠢᠨ ᠢ ᠦᠨᠡᠨ ᠬᠦ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠥᠬᠡᠶ ᠠᠬᠢᠭᠤᠯᠪᠠ᠃ 9 ᠰᠠᠷ᠎ᠠ ᠶᠢᠨ 27 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠵᠡᠪᠰᠡᠭ ᠤᠨ ᠡᠷᠳᠡᠮ ᠤᠨ ᠮᠥᠷᠦ᠋ᠢᠴᠡᠭᠡᠨ︾ ᠭᠡᠬᠦ ᠠᠶᠠᠨ ᠤ ᠪᠣᠯᠪᠠᠰᠤᠷᠠᠯ ᠤᠨ ᠦᠵᠡᠭᠦᠯᠦᠯᠭᠡ ᠶᠢᠨ ᠠᠵᠢᠯᠯᠠᠭ᠎ᠠ ᠶᠢ ᠡᠷᠬᠢᠯᠡᠪᠡ᠃ ᠠᠵᠢᠯᠯᠠᠭ᠎ᠠ ᠨᠢ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠰᠤᠮᠤ ᠪᠠᠯᠭᠠᠰᠤᠨ ᠤ ᠭᠤᠣᠯ ᠠᠵᠢᠯ ᠳᠤ ᠠᠭᠤᠰᠤᠯᠴᠠᠭᠤᠯᠤᠨ ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠲᠤᠬᠠᠢ ᠶᠢᠨ ᠲᠠᠯᠠᠪᠠᠢ ᠳᠤ ᠲᠤᠰᠢᠶᠠᠯ ᠤᠨ ᠮᠡᠳᠡᠭᠦᠯᠦᠯᠲᠡ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠮᠵᠢᠯᠲᠠ ᠪᠠᠨ ᠢᠯᠡ ᠪᠣᠯᠭᠠᠵᠤ᠂ ᠲᠤᠷᠰᠢᠯᠭ᠎ᠠ ᠪᠠᠨ ᠶᠠᠷᠢᠨ᠂ ᠬᠥᠭᠵᠢᠯᠲᠡ ᠶᠢᠨ ᠲᠤᠬᠠᠢ ᠶᠠᠷᠢᠯᠴᠠᠵᠤ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ᠂ ᠦᠨᠳᠦᠰᠦᠨ ᠱᠠᠲᠤᠨ ᠤ ᠵᠠᠰᠠᠯᠲᠠ᠂ ᠨᠠᠮ ᠤᠨ ᠡᠭᠦᠷ ᠬᠤᠷᠰᠢᠶ᠎ᠠ ᠶᠢ ᠳᠠᠭᠠᠭᠤᠯᠤᠨ ᠡᠷᠬᠢᠯᠡᠬᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠳᠤᠮᠳᠠᠬᠢ ᠠᠵᠢᠯ ᠤᠨ ᠠᠷᠭ᠎ᠠ ᠬᠡᠮᠵᠢᠶ᠎ᠡ ᠪᠠ ᠪᠣᠳᠠᠲᠠᠢ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠲᠣᠳᠣᠷᠬᠠᠢ ᠠᠵᠢᠯ ᠤᠨ ᠰᠡᠳᠬᠢᠴᠡ ᠪᠠ ᠬᠥᠭᠵᠢᠯᠲᠡ ᠶᠢᠨ ᠴᠢᠭᠯᠡᠯ ᠢ ᠬᠠᠩᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠼᠠᠢ ᠪᠦᠦ ᠵᠢᠶᠦ᠋ᠨ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠨᠠᠮ ᠤᠨ ᠬᠤᠷᠢ᠊ ᠡᠶ᠎ᠡ ᠶᠢᠨ ᠨᠡᠶᠢᠭᠡᠮ ᠤᠨ ᠠᠵᠢᠯ ᠤᠨ ᠬᠡᠯᠲᠡᠰ᠂ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠰᠢᠭᠤᠨ ᠤ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠵᠣᠬᠢᠶᠠᠨ ᠪᠠᠶᠢᠭᠤᠯᠬᠤ ᠭᠡᠰᠢᠭᠦᠨ ᠵᠢᠴᠢ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠠᠴᠠ ᠰᠣᠩᠭᠤᠨ ᠲᠣᠮᠢᠯᠠᠭᠰᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠬᠠᠨᠳᠤᠯᠭ᠎ᠠ ᠲᠠᠢ ᠪᠠᠷ ᠰᠣᠩᠭᠤᠨ ᠰᠢᠯᠵᠢᠭᠦᠯᠦᠭᠰᠡᠨ ᠰᠣᠷᠣᠭᠴᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号