ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/9/29
   ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 9 ᠰᠠᠷ᠎ᠠ ᠶᠢᠨ 27 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠵᠢᠩᠬᠢᠨᠢ ᠰᠠᠯᠠᠭᠠᠨ ᠳᠡᠰ ᠤᠨ ᠤᠳᠤᠷᠢᠳᠬᠤ ᠺᠠᠳ᠋ᠷ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠡᠶᠢᠲᠡ 105 ᠬᠥᠮᠦᠨ ᠪᠣᠯᠪᠠᠰᠤᠷᠠᠯ ᠳᠤ ᠣᠷᠣᠯᠴᠠᠵᠠᠢ᠃   ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠥᠭᠡᠷᠡᠴᠢᠯᠡᠯᠲᠡ ᠶᠢᠨ ᠴᠢᠭᠯᠡᠯ ᠢ ᠤᠯᠠᠮ ᠴᠢᠨᠠᠭᠰᠢᠳᠠ ᠣᠨᠣᠪᠴᠢᠲᠠᠢ ᠡᠵᠡᠮᠳᠡᠵᠦ᠂ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠡᠵᠡᠮᠰᠢᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠦᠭᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ᠂ ᠨᠡᠪᠲᠡᠷᠡᠲᠡᠯ᠎ᠡ ᠣᠶᠢᠯᠠᠭᠠᠬᠤ᠂ ᠤᠯᠠᠷᠢᠭᠤᠯᠤᠨ ᠬᠡᠷᠡᠭᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠣᠳᠣᠯ ᠢᠶᠠᠨ ᠦᠨᠡᠨ ᠬᠦ ᠴᠢᠩᠭᠠᠳᠬᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠦᠨᠳᠦᠰᠦᠨ ᠵᠢᠮ᠎ᠡ ᠶᠣᠰᠣ ᠶᠢ ᠰᠠᠶᠢᠲᠤᠷ ᠡᠵᠡᠮᠳᠡᠬᠦ ᠬᠡᠷᠡᠭᠲᠡᠢ᠃ ᠭᠤᠣᠯ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠭᠠᠷᠳᠠᠬᠤ ᠴᠡᠭ ᠢ ᠣᠨᠣᠪᠴᠢᠲᠠᠢ ᠣᠯᠵᠤ᠂ ᠨᠡᠩ ᠣᠯᠠᠨ ᠳᠤᠮᠳᠠᠳᠤ ᠬᠤᠰᠢᠭᠤᠨ ᠤ ᠣᠨᠴᠠᠯᠢᠭ᠂ ᠳᠤᠮᠳᠠᠳᠤ ᠬᠤᠰᠢᠭᠤᠨ ᠤ ᠲᠤᠷᠰᠢᠯᠭ᠎ᠠ᠂ ᠳᠤᠮᠳᠠᠳᠤ ᠬᠤᠰᠢᠭᠤᠨ ᠤ ᠲᠦᠷᠦᠯ ᠲᠡᠮᠳᠡᠭ ᠢ ᠴᠢᠷᠮᠠᠶᠢᠨ ᠪᠦᠷᠢᠯᠳᠦᠭᠦᠯᠵᠦ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠰᠢᠨ᠎ᠡ ᠶᠢ ᠡᠭᠦᠳᠴᠦ᠂ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠴᠢᠷᠮᠠᠶᠢᠨ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠲᠦᠷᠦᠭᠦᠯᠡᠨ ᠵᠢᠱᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠵᠤ᠂ ᠲᠦᠷᠦᠭᠦᠯᠡᠨ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠦᠨᠡᠨᠬᠦ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠵᠢᠯ ᠤᠨ ᠬᠤᠷᠳᠤᠴᠠ ᠪᠠᠨ ᠳᠡᠭᠡᠭᠰᠢᠯᠡᠭᠦᠯᠬᠦ᠂ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号