ᠦᠪᠡᠷᠳᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠠᠴᠠ ᠤᠶᠢᠯᠠᠭᠠᠭᠰᠠᠨ ᠢᠶᠠᠷ᠂ ᠰᠢᠨ᠎ᠠ | ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ ᠮᠠᠨ ᠤ ᠤᠷᠤᠨ ᠤ ᠠᠵᠤ ᠦᠢᠯᠡᠳᠪᠤᠷᠢ ᠶᠢᠨ ᠠᠵᠤ ᠠᠬᠤᠢ ᠢᠳᠡᠷᠡᠬᠦᠨ ᠢᠶᠠᠷ ᠬᠦᠭᠵᠢᠵᠤ᠂ | ᠪᠠᠭ᠎ᠠ ᠠᠴᠠ ᠶᠡᠭᠡ ᠪᠤᠯᠵᠤ ᠪᠠᠭᠤᠷᠠᠢ ᠠᠴᠠ ᠬᠦᠴᠦᠷᠬᠡᠭ ᠪᠤᠯᠤᠭᠰᠠᠨ ᠲᠡᠦᠬᠡᠳᠦ ᠴᠢᠨᠠᠷᠳᠠᠢ ᠬᠤᠪᠢᠷᠠᠯᠳᠠ ᠶᠢ | ᠪᠡᠶᠡᠯᠡᠭᠦᠯᠪᠠ᠃ | 75 ᠵᠢᠯ ᠤᠨ ᠡᠮᠦᠨ᠎ᠠ ᠮᠠᠨ ᠤ ᠤᠷᠤᠨ ᠤ ᠠᠵᠤ ᠦᠢᠯᠡᠳᠪᠤᠷᠢ ᠶᠢ ᠰᠠᠭᠤᠷᠢ ᠨᠢᠮᠭᠡᠨ ᠪᠦᠭᠡᠳ ᠴᠦᠬᠡᠨ | ᠲᠤᠭᠠᠨ ᠤ ᠪᠦᠲᠦᠭᠦᠯᠢᠭ ᠦᠢᠯᠡᠳᠭᠦᠨ ᠢ ᠯᠡ ᠦᠢᠯᠡᠳᠪᠤᠷᠢᠯᠡᠵᠦ ᠪᠠᠶᠢᠪᠠ᠃ ᠦᠭᠡᠷᠡᠴᠢᠯᠡᠯᠳᠡ ᠨᠡᠭᠡᠭᠡᠯᠳᠡ ᠢᠢᠨ | ᠡᠬᠢᠨ ᠤ ᠦᠶ᠎ᠠ ᠳᠤ ᠮᠠᠨ ᠤ ᠤᠷᠤᠨ ᠤ ᠠᠵᠤ ᠦᠢᠯᠡᠳᠪᠤᠷᠢ ᠶᠢᠨ ᠠᠵᠤ ᠠᠬᠤᠢ ᠨᠢ ᠤᠯᠤᠰ ᠤᠨ ᠦᠮᠴᠢᠯᠡᠯᠳᠦ ᠪᠠ | ᠬᠠᠮᠳᠤ ᠶᠢᠨ ᠦᠮᠴᠢᠯᠡᠯᠳᠤ ᠭᠡᠵᠦ ᠬᠤᠶᠠᠷᠬᠠᠨ ᠵᠦᠢᠯ ᠪᠠᠶᠢᠪᠠ᠃ ᠤᠳᠤ ᠪᠤᠯᠬᠤ ᠳᠤ ᠤᠯᠤᠰ ᠤᠨ ᠦᠮᠴᠢᠯᠡᠯᠳᠤ | ᠠᠵᠤ ᠦᠢᠯᠡᠳᠪᠤᠷᠢ ᠪᠠᠷ ᠭᠤᠤᠯ ᠴᠤᠭᠴᠠ ᠪᠤᠯᠭᠠᠭᠰᠠᠨ᠂ ᠤᠯᠤᠰ ᠤᠨ ᠦᠮᠴᠢᠯᠡᠯᠳᠤ᠂ ᠬᠠᠮᠳᠤ ᠶᠢᠨ ᠦᠮᠴᠢᠯᠡᠯᠳᠤ᠂ | ᠬᠤᠪᠢ ᠢᠢᠨ ᠡᠵᠡᠩᠨᠡᠯᠳᠡ ᠵᠡᠷᠭᠡ ᠤᠯᠠᠨ ᠵᠦᠢᠯ ᠤᠨ ᠠᠵᠤ ᠠᠬᠤᠢ ᠶᠢᠨ ᠬᠡᠯᠪᠡᠷᠢ ᠵᠡᠷᠭᠡ ᠪᠠᠷ ᠤᠷᠤᠰᠢᠬᠤ | ᠦᠮᠴᠢᠯᠡᠯ ᠤᠨ ᠡᠷᠬᠡ ᠶᠢᠨ ᠪᠦᠲᠦᠴᠡ ᠲᠠᠢ ᠪᠤᠯᠵᠠᠢ᠃ 2023 ᠤᠨ ᠤ ᠵᠢᠯ ᠤᠨ ᠰᠡᠭᠦᠯᠴᠢ ᠪᠤᠯᠬᠤ ᠳᠤ ᠪᠦᠬᠦ | ᠤᠷᠤᠨ ᠤ ᠡᠯ᠎ᠠ ᠵᠦᠢᠯ ᠤᠨ ᠠᠵᠤ ᠠᠬᠤᠢ ᠶᠢᠨ ᠪᠦᠷᠢᠯᠳᠦᠭᠦᠨ ᠪᠦᠬᠦᠢ ᠠᠵᠤ ᠦᠢᠯᠡᠳᠪᠤᠷᠢ ᠶᠢᠨ ᠬᠠᠤᠯᠢ ᠶᠢᠨ | ᠡᠷᠬᠡᠳᠡᠨ 45018 ᠪᠤᠯᠵᠤ᠂ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠤᠷᠢ ᠢᠢᠨ ᠠᠵᠤ ᠠᠬᠤᠶᠢᠯᠠᠯ | 3779 ᠪᠤᠯᠪᠠ᠃ ᠡᠭᠦᠨ ᠳᠤ ᠦᠢᠯᠡᠳᠭᠦᠨ ᠤ ᠦᠷᠳᠡᠭ ᠨᠢ 100 ᠳ᠋ᠦᠩᠰᠢᠭᠤᠷ ᠲᠦᠭᠦᠷᠢᠭ ᠢ ᠳᠠᠪᠠᠭᠰᠠᠨ ᠠᠵᠤ | ᠠᠬᠤᠶᠢᠯᠠᠯ 34 ᠪᠤᠯᠵᠤ᠂ 10 ᠳ᠋ᠦᠩᠰᠢᠭᠤᠷ ᠲᠦᠭᠦᠷᠢᠭ ᠢ ᠳᠠᠪᠠᠭᠰᠠᠨ ᠠᠵᠤ ᠠᠬᠤᠶᠢᠯᠠᠯ 513 ᠪᠤᠯᠪᠠ᠃ | 1949 ᠤᠨ ᠳᠤ ᠮᠠᠨ ᠤ ᠤᠷᠤᠨ ᠤ ᠠᠵᠤ ᠦᠢᠯᠡᠳᠪᠤᠷᠢ ᠢᠢᠨ ᠨᠡᠮᠡᠭᠳᠡᠯ ᠦᠷᠳᠡᠭ ᠵᠦᠪᠬᠡᠨ 5000 | ᠲᠦᠮᠡᠨ ᠲᠦᠭᠦᠷᠢᠭ ᠪᠠᠶᠢᠪᠠ᠃ 1992 ᠤᠨ ᠳᠤ ᠮᠠᠨ ᠤ ᠤᠷᠤᠨ ᠤ ᠠᠵᠤ ᠦᠢᠯᠡᠳᠪᠤᠷᠢ ᠶᠢᠨ ᠨᠡᠮᠡᠭᠳᠡᠯ ᠦᠷᠳᠡᠭ | 100 ᠳ᠋ᠦᠩᠰᠢᠭᠤᠷ ᠲᠦᠭᠦᠷᠢᠭ ᠤᠨ ᠪᠤᠭᠤᠮᠳᠠ ᠢᠢ ᠳᠠᠪᠠᠵᠤ᠂ 2005 ᠤᠨ ᠳᠤ 1000 ᠳ᠋ᠦᠩᠰᠢᠭᠤᠷ | ᠲᠦᠭᠦᠷᠢᠭ ᠤᠨ ᠪᠤᠭᠤᠮᠳᠠ ᠢᠢ ᠳᠠᠪᠠᠨ᠂ 2018 ᠤᠨ ᠳᠤ 5000 ᠳ᠋ᠦᠩᠰᠢᠭᠤᠷ ᠲᠦᠭᠦᠷᠢᠭ ᠤᠨ ᠪᠤᠭᠤᠮᠳᠠ | ᠢᠢ ᠳᠠᠪᠠᠵᠤ᠂ 2023 ᠤᠨ ᠪᠤᠯᠬᠤ ᠳᠤ ᠲᠦᠮᠡᠨ ᠳ᠋ᠦᠩᠰᠢᠭᠤᠷ ᠲᠦᠭᠦᠷᠢᠭ ᠰᠢᠬᠠᠮ ᠪᠤᠯᠵᠤ᠂ 2012 | ᠤᠨ ᠤ ᠬᠢ ᠠᠴᠠ 2.8 ᠳᠠᠬᠢᠨ ᠨᠡᠮᠡᠭᠳᠡᠨ᠂ ᠵᠢᠯ ᠳᠤᠮᠳᠠᠴᠢ ᠪᠠᠷ 9.7% ᠪᠠᠷ ᠨᠡᠮᠡᠭᠳᠡᠵᠠᠢ᠃ | ᠰᠢᠨ᠎ᠠ ᠳᠤᠮᠳᠠᠳᠤ ᠤᠯᠤᠰ ᠪᠠᠶᠢᠭᠤᠯᠤᠭᠳᠠᠬᠤ ᠠᠴᠠ ᠡᠮᠦᠨ᠎ᠠ ᠮᠠᠨ ᠤ ᠤᠷᠤᠨ ᠤ ᠠᠵᠤ ᠦᠢᠯᠡᠳᠪᠤᠷᠢ ᠢᠢᠨ | ᠦᠢᠯᠡᠳᠪᠤᠷᠢᠯᠡᠯ ᠤᠨ ᠬᠡᠪᠴᠢᠶ᠎ᠠ ᠪᠠ ᠴᠢᠳᠠᠪᠤᠷᠢ ᠬᠠᠷᠢᠴᠠᠩᠭᠤᠢ ᠲᠤᠤᠷ᠎ᠠ ᠪᠠᠶᠢᠪᠠ᠃ ᠤᠳᠤ ᠪᠤᠯᠬᠤ ᠳᠤ ᠮᠠᠨ ᠤ | ᠤᠷᠤᠨ ᠤ ᠭᠤᠤᠯ ᠪᠤᠯᠬᠤ ᠠᠵᠤ ᠦᠢᠯᠡᠳᠪᠤᠷᠢ ᠶᠢᠨ ᠦᠢᠯᠡᠳᠭᠦᠨ ᠤ ᠭᠠᠷᠤᠯᠳᠠ ᠪᠦᠬᠦ ᠤᠯᠤᠰ ᠤᠨ ᠡᠮᠦᠨ᠎ᠠ | ᠡᠩᠨᠡᠭᠡᠨ ᠳᠤ ᠬᠤᠰᠢᠭᠤᠷᠠᠬᠤ ᠪᠤᠯᠵᠤ᠂ ᠨᠡᠭᠦᠷᠡᠰᠦ᠂ ᠴᠠᠬᠢᠯᠭᠠᠨ ᠬᠦᠴᠦ᠂ ᠲᠡᠮᠦᠷᠯᠢᠭ ᠪᠤᠯᠪᠠᠰᠤᠷᠠᠭᠤᠯᠬᠤ᠂ ᠬᠢᠮᠢ | ᠶᠢᠨ ᠠᠵᠤ ᠦᠢᠯᠡᠳᠪᠤᠷᠢ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠦᠷᠦᠯ ᠳᠤ ᠯᠤᠳᠤ ᠶᠡᠭᠡ | ᠦᠢᠯᠡᠳᠪᠤᠷᠢᠯᠡᠯ ᠤᠨ ᠴᠢᠳᠠᠪᠤᠷᠢ ᠶᠢᠨ ᠪᠦᠷᠢᠯᠳᠦᠭᠦᠯᠦᠭᠰᠡᠨ ᠪᠠᠶᠢᠨ᠎ᠠ᠃ 2023 ᠤᠨ ᠳᠤ ᠪᠦᠬᠦ ᠤᠷᠤᠨ ᠤ ᠳᠠᠩ | ᠭᠠᠭᠴᠠ ᠨᠡᠭᠦᠷᠡᠰᠦᠨ ᠠᠭᠤᠷᠬᠠᠢ ᠶᠢᠨ ᠳᠤᠮᠳᠠᠴᠢ ᠦᠢᠯᠡᠳᠪᠤᠷᠢᠯᠡᠯ ᠤᠨ ᠴᠢᠳᠠᠪᠤᠷᠢ 400 ᠲᠦᠮᠡᠨ ᠳᠤᠨ ᠳᠤ | ᠬᠦᠷᠴᠦ᠂ ᠪᠦᠬᠦ ᠤᠯᠤᠰ ᠤᠨ ᠳᠤᠮᠳᠠᠴᠢ ᠲᠦᠪᠰᠢᠨ ᠤ 2 ᠳᠠᠬᠢᠨ ᠪᠤᠯᠤᠭᠰᠠᠨ ᠪᠦᠭᠡᠳ ᠨᠡᠭᠦᠷᠡᠰᠦ ᠮᠠᠯᠳᠠᠬᠤ | ᠶᠠᠪᠤᠴᠠ ᠶᠢᠨ ᠮᠠᠰᠢᠨᠴᠢᠯᠠᠯᠳᠠ ᠶᠢᠨ ᠬᠡᠮᠵᠢᠶ᠎ᠠ 100% ᠳᠤ ᠬᠦᠷᠴᠤ᠂ ᠪᠦᠬᠦ ᠤᠷᠤᠨ ᠤ ᠲᠦᠬᠦᠭᠡᠢ ᠨᠡᠭᠦᠷᠡᠰᠦ ᠶᠢᠨ | ᠭᠠᠷᠤᠯᠳᠠ 12.3 ᠳ᠋ᠦᠩᠰᠢᠭᠤᠷ ᠲᠤᠨ ᠳᠤ ᠬᠦᠷᠴᠤ᠂ 1949 ᠤᠨ ᠤ ᠬᠢ ᠠᠴᠠ 2000 ᠭᠠᠷᠤᠢ ᠳᠠᠬᠢᠨ | ᠨᠡᠮᠡᠭᠳᠡᠨ ᠪᠦᠬᠦ ᠤᠯᠤᠰ ᠲᠤ ᠳᠡᠳ᠋ᠯᠡᠬᠦ ᠪᠤᠯᠪᠠ︔ ᠪᠦᠬᠦ ᠤᠷᠤᠨ ᠤ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ | ᠢᠢᠨ ᠶᠡᠷᠦᠩᠬᠡᠢ ᠪᠠᠭᠳᠠᠭᠠᠮᠵᠢ 2 ᠳ᠋ᠦᠩᠰᠢᠭᠤᠷ ᠺᠢᠯᠤᠸᠠᠲ ᠢ ᠳᠠᠪᠠᠵᠤ᠂ ᠰᠠᠯᠬᠢᠨ ᠬᠦᠴᠦᠨ ᠤ ᠴᠠᠬᠢᠯᠭᠠᠨ ᠪᠠ | ᠭᠡᠷᠡᠯᠴᠢ ᠴᠡᠨᠡᠭ ᠵᠡᠷᠭᠡ ᠳᠠᠬᠢᠯᠳᠠ ᠡᠨᠧᠷᠬᠢ ᠪᠠᠷ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠨᠢ ᠪᠦᠬᠦ ᠮᠠᠰᠢᠨ | ᠴᠤᠭᠴᠠᠯᠠᠪᠤᠷᠢ ᠢᠢᠨ 40% ᠭᠠᠷᠤᠢ ᠶᠢ ᠡᠵᠡᠯᠡᠨ᠂ ᠳᠠᠬᠢᠯᠳᠠ ᠡᠨᠧᠷᠬᠢ ᠪᠠᠷ ᠴᠠᠬᠢᠯᠭᠠᠨ ᠭᠠᠷᠭᠠᠬᠤ ᠬᠡᠮᠵᠢᠶ᠎ᠠ ᠪᠦᠬᠦ | ᠤᠯᠤᠰ ᠲᠤ ᠮᠠᠩᠯᠠᠶᠢᠯᠠᠬᠤ ᠪᠤᠯᠪᠠ︔ ᠪᠦᠲᠦᠭᠦᠯᠢᠭ ᠪᠤᠯᠤᠳ ᠤᠨ ᠭᠠᠷᠤᠯᠳᠠ 3266.9 ᠲᠦᠮᠡᠨ ᠳᠤᠨ ᠳᠤ | ᠬᠦᠷᠴᠤ᠂ 1949 ᠤᠨ ᠤ ᠬᠢ ᠠᠴᠠ 4600 ᠭᠠᠷᠤᠢ ᠳᠠᠬᠢᠨ ᠨᠡᠮᠡᠭᠳᠡᠪᠡ᠃ |