ᠮᠠᠨ ᠤ ᠤᠷᠤᠨ ᠤ ᠠᠵᠤ ᠦᠢᠯᠡᠳᠪᠤᠷᠢ ᠶᠢᠨ ᠠᠵᠤ ᠠᠬᠤᠢ ᠪᠠᠭ᠎ᠠ ᠠᠴᠠ ᠶᠡᠭᠡ ᠪᠤᠯᠵᠤ ᠪᠠᠭᠤᠷᠠᠢ ᠠᠴᠠ ᠬᠦᠴᠦᠷᠬᠡᠭ ᠪᠤᠯᠪᠠ
ᠨᠡᠶᠢᠲᠡᠯᠡᠭᠰᠡᠨ ᠴᠠᠭ᠄
2024/9/29
   ᠦᠪᠡᠷᠳᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠠᠴᠠ ᠤᠶᠢᠯᠠᠭᠠᠭᠰᠠᠨ ᠢᠶᠠᠷ᠂ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠮᠠᠨ ᠤ ᠤᠷᠤᠨ ᠤ ᠠᠵᠤ ᠦᠢᠯᠡᠳᠪᠤᠷᠢ ᠶᠢᠨ ᠠᠵᠤ ᠠᠬᠤᠢ ᠢᠳᠡᠷᠡᠬᠦᠨ ᠢᠶᠠᠷ ᠬᠦᠭᠵᠢᠵᠤ᠂ ᠪᠠᠭ᠎ᠠ ᠠᠴᠠ ᠶᠡᠭᠡ ᠪᠤᠯᠵᠤ ᠪᠠᠭᠤᠷᠠᠢ ᠠᠴᠠ ᠬᠦᠴᠦᠷᠬᠡᠭ ᠪᠤᠯᠤᠭᠰᠠᠨ ᠲᠡᠦᠬᠡᠳᠦ ᠴᠢᠨᠠᠷᠳᠠᠢ ᠬᠤᠪᠢᠷᠠᠯᠳᠠ ᠶᠢ ᠪᠡᠶᠡᠯᠡᠭᠦᠯᠪᠠ᠃   75 ᠵᠢᠯ ᠤᠨ ᠡᠮᠦᠨ᠎ᠠ ᠮᠠᠨ ᠤ ᠤᠷᠤᠨ ᠤ ᠠᠵᠤ ᠦᠢᠯᠡᠳᠪᠤᠷᠢ ᠶᠢ ᠰᠠᠭᠤᠷᠢ ᠨᠢᠮᠭᠡᠨ ᠪᠦᠭᠡᠳ ᠴᠦᠬᠡᠨ ᠲᠤᠭᠠᠨ ᠤ ᠪᠦᠲᠦᠭᠦᠯᠢᠭ ᠦᠢᠯᠡᠳᠭᠦᠨ ᠢ ᠯᠡ ᠦᠢᠯᠡᠳᠪᠤᠷᠢᠯᠡᠵᠦ ᠪᠠᠶᠢᠪᠠ᠃ ᠦᠭᠡᠷᠡᠴᠢᠯᠡᠯᠳᠡ ᠨᠡᠭᠡᠭᠡᠯᠳᠡ ᠢᠢᠨ ᠡᠬᠢᠨ ᠤ ᠦᠶ᠎ᠠ ᠳᠤ ᠮᠠᠨ ᠤ ᠤᠷᠤᠨ ᠤ ᠠᠵᠤ ᠦᠢᠯᠡᠳᠪᠤᠷᠢ ᠶᠢᠨ ᠠᠵᠤ ᠠᠬᠤᠢ ᠨᠢ ᠤᠯᠤᠰ ᠤᠨ ᠦᠮᠴᠢᠯᠡᠯᠳᠦ ᠪᠠ ᠬᠠᠮᠳᠤ ᠶᠢᠨ ᠦᠮᠴᠢᠯᠡᠯᠳᠤ ᠭᠡᠵᠦ ᠬᠤᠶᠠᠷᠬᠠᠨ ᠵᠦᠢᠯ ᠪᠠᠶᠢᠪᠠ᠃ ᠤᠳᠤ ᠪᠤᠯᠬᠤ ᠳᠤ ᠤᠯᠤᠰ ᠤᠨ ᠦᠮᠴᠢᠯᠡᠯᠳᠤ ᠠᠵᠤ ᠦᠢᠯᠡᠳᠪᠤᠷᠢ ᠪᠠᠷ ᠭᠤᠤᠯ ᠴᠤᠭᠴᠠ ᠪᠤᠯᠭᠠᠭᠰᠠᠨ᠂ ᠤᠯᠤᠰ ᠤᠨ ᠦᠮᠴᠢᠯᠡᠯᠳᠤ᠂ ᠬᠠᠮᠳᠤ ᠶᠢᠨ ᠦᠮᠴᠢᠯᠡᠯᠳᠤ᠂ ᠬᠤᠪᠢ ᠢᠢᠨ ᠡᠵᠡᠩᠨᠡᠯᠳᠡ ᠵᠡᠷᠭᠡ ᠤᠯᠠᠨ ᠵᠦᠢᠯ ᠤᠨ ᠠᠵᠤ ᠠᠬᠤᠢ ᠶᠢᠨ ᠬᠡᠯᠪᠡᠷᠢ ᠵᠡᠷᠭᠡ ᠪᠠᠷ ᠤᠷᠤᠰᠢᠬᠤ ᠦᠮᠴᠢᠯᠡᠯ ᠤᠨ ᠡᠷᠬᠡ ᠶᠢᠨ ᠪᠦᠲᠦᠴᠡ ᠲᠠᠢ ᠪᠤᠯᠵᠠᠢ᠃ 2023 ᠤᠨ ᠤ ᠵᠢᠯ ᠤᠨ ᠰᠡᠭᠦᠯᠴᠢ ᠪᠤᠯᠬᠤ ᠳᠤ ᠪᠦᠬᠦ ᠤᠷᠤᠨ ᠤ ᠡᠯ᠎ᠠ ᠵᠦᠢᠯ ᠤᠨ ᠠᠵᠤ ᠠᠬᠤᠢ ᠶᠢᠨ ᠪᠦᠷᠢᠯᠳᠦᠭᠦᠨ ᠪᠦᠬᠦᠢ ᠠᠵᠤ ᠦᠢᠯᠡᠳᠪᠤᠷᠢ ᠶᠢᠨ ᠬᠠᠤᠯᠢ ᠶᠢᠨ ᠡᠷᠬᠡᠳᠡᠨ 45018 ᠪᠤᠯᠵᠤ᠂ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠤᠷᠢ ᠢᠢᠨ ᠠᠵᠤ ᠠᠬᠤᠶᠢᠯᠠᠯ 3779 ᠪᠤᠯᠪᠠ᠃ ᠡᠭᠦᠨ ᠳᠤ ᠦᠢᠯᠡᠳᠭᠦᠨ ᠤ ᠦᠷᠳᠡᠭ ᠨᠢ 100 ᠳ᠋ᠦᠩᠰᠢᠭᠤᠷ ᠲᠦᠭᠦᠷᠢᠭ ᠢ ᠳᠠᠪᠠᠭᠰᠠᠨ ᠠᠵᠤ ᠠᠬᠤᠶᠢᠯᠠᠯ 34 ᠪᠤᠯᠵᠤ᠂ 10 ᠳ᠋ᠦᠩᠰᠢᠭᠤᠷ ᠲᠦᠭᠦᠷᠢᠭ ᠢ ᠳᠠᠪᠠᠭᠰᠠᠨ ᠠᠵᠤ ᠠᠬᠤᠶᠢᠯᠠᠯ 513 ᠪᠤᠯᠪᠠ᠃   1949 ᠤᠨ ᠳᠤ ᠮᠠᠨ ᠤ ᠤᠷᠤᠨ ᠤ ᠠᠵᠤ ᠦᠢᠯᠡᠳᠪᠤᠷᠢ ᠢᠢᠨ ᠨᠡᠮᠡᠭᠳᠡᠯ ᠦᠷᠳᠡᠭ ᠵᠦᠪᠬᠡᠨ 5000 ᠲᠦᠮᠡᠨ ᠲᠦᠭᠦᠷᠢᠭ ᠪᠠᠶᠢᠪᠠ᠃ 1992 ᠤᠨ ᠳᠤ ᠮᠠᠨ ᠤ ᠤᠷᠤᠨ ᠤ ᠠᠵᠤ ᠦᠢᠯᠡᠳᠪᠤᠷᠢ ᠶᠢᠨ ᠨᠡᠮᠡᠭᠳᠡᠯ ᠦᠷᠳᠡᠭ 100 ᠳ᠋ᠦᠩᠰᠢᠭᠤᠷ ᠲᠦᠭᠦᠷᠢᠭ ᠤᠨ ᠪᠤᠭᠤᠮᠳᠠ ᠢᠢ ᠳᠠᠪᠠᠵᠤ᠂ 2005 ᠤᠨ ᠳᠤ 1000 ᠳ᠋ᠦᠩᠰᠢᠭᠤᠷ ᠲᠦᠭᠦᠷᠢᠭ ᠤᠨ ᠪᠤᠭᠤᠮᠳᠠ ᠢᠢ ᠳᠠᠪᠠᠨ᠂ 2018 ᠤᠨ ᠳᠤ 5000 ᠳ᠋ᠦᠩᠰᠢᠭᠤᠷ ᠲᠦᠭᠦᠷᠢᠭ ᠤᠨ ᠪᠤᠭᠤᠮᠳᠠ ᠢᠢ ᠳᠠᠪᠠᠵᠤ᠂ 2023 ᠤᠨ ᠪᠤᠯᠬᠤ ᠳᠤ ᠲᠦᠮᠡᠨ ᠳ᠋ᠦᠩᠰᠢᠭᠤᠷ ᠲᠦᠭᠦᠷᠢᠭ ᠰᠢᠬᠠᠮ ᠪᠤᠯᠵᠤ᠂ 2012 ᠤᠨ ᠤ ᠬᠢ ᠠᠴᠠ 2.8 ᠳᠠᠬᠢᠨ ᠨᠡᠮᠡᠭᠳᠡᠨ᠂ ᠵᠢᠯ ᠳᠤᠮᠳᠠᠴᠢ ᠪᠠᠷ 9.7% ᠪᠠᠷ ᠨᠡᠮᠡᠭᠳᠡᠵᠠᠢ᠃   ᠰᠢᠨ᠎ᠠ ᠳᠤᠮᠳᠠᠳᠤ ᠤᠯᠤᠰ ᠪᠠᠶᠢᠭᠤᠯᠤᠭᠳᠠᠬᠤ ᠠᠴᠠ ᠡᠮᠦᠨ᠎ᠠ ᠮᠠᠨ ᠤ ᠤᠷᠤᠨ ᠤ ᠠᠵᠤ ᠦᠢᠯᠡᠳᠪᠤᠷᠢ ᠢᠢᠨ ᠦᠢᠯᠡᠳᠪᠤᠷᠢᠯᠡᠯ ᠤᠨ ᠬᠡᠪᠴᠢᠶ᠎ᠠ ᠪᠠ ᠴᠢᠳᠠᠪᠤᠷᠢ ᠬᠠᠷᠢᠴᠠᠩᠭᠤᠢ ᠲᠤᠤᠷ᠎ᠠ ᠪᠠᠶᠢᠪᠠ᠃ ᠤᠳᠤ ᠪᠤᠯᠬᠤ ᠳᠤ ᠮᠠᠨ ᠤ ᠤᠷᠤᠨ ᠤ ᠭᠤᠤᠯ ᠪᠤᠯᠬᠤ ᠠᠵᠤ ᠦᠢᠯᠡᠳᠪᠤᠷᠢ ᠶᠢᠨ ᠦᠢᠯᠡᠳᠭᠦᠨ ᠤ ᠭᠠᠷᠤᠯᠳᠠ ᠪᠦᠬᠦ ᠤᠯᠤᠰ ᠤᠨ ᠡᠮᠦᠨ᠎ᠠ ᠡᠩᠨᠡᠭᠡᠨ ᠳᠤ ᠬᠤᠰᠢᠭᠤᠷᠠᠬᠤ ᠪᠤᠯᠵᠤ᠂ ᠨᠡᠭᠦᠷᠡᠰᠦ᠂ ᠴᠠᠬᠢᠯᠭᠠᠨ ᠬᠦᠴᠦ᠂ ᠲᠡᠮᠦᠷᠯᠢᠭ ᠪᠤᠯᠪᠠᠰᠤᠷᠠᠭᠤᠯᠬᠤ᠂ ᠬᠢᠮᠢ  ᠶᠢᠨ ᠠᠵᠤ ᠦᠢᠯᠡᠳᠪᠤᠷᠢ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠦᠷᠦᠯ ᠳᠤ ᠯᠤᠳᠤ ᠶᠡᠭᠡ ᠦᠢᠯᠡᠳᠪᠤᠷᠢᠯᠡᠯ ᠤᠨ ᠴᠢᠳᠠᠪᠤᠷᠢ  ᠶᠢᠨ ᠪᠦᠷᠢᠯᠳᠦᠭᠦᠯᠦᠭᠰᠡᠨ ᠪᠠᠶᠢᠨ᠎ᠠ᠃ 2023 ᠤᠨ ᠳᠤ ᠪᠦᠬᠦ ᠤᠷᠤᠨ ᠤ ᠳᠠᠩ ᠭᠠᠭᠴᠠ ᠨᠡᠭᠦᠷᠡᠰᠦᠨ ᠠᠭᠤᠷᠬᠠᠢ  ᠶᠢᠨ ᠳᠤᠮᠳᠠᠴᠢ ᠦᠢᠯᠡᠳᠪᠤᠷᠢᠯᠡᠯ ᠤᠨ ᠴᠢᠳᠠᠪᠤᠷᠢ 400 ᠲᠦᠮᠡᠨ ᠳᠤᠨ ᠳᠤ ᠬᠦᠷᠴᠦ᠂ ᠪᠦᠬᠦ ᠤᠯᠤᠰ ᠤᠨ ᠳᠤᠮᠳᠠᠴᠢ ᠲᠦᠪᠰᠢᠨ ᠤ 2 ᠳᠠᠬᠢᠨ ᠪᠤᠯᠤᠭᠰᠠᠨ ᠪᠦᠭᠡᠳ ᠨᠡᠭᠦᠷᠡᠰᠦ ᠮᠠᠯᠳᠠᠬᠤ ᠶᠠᠪᠤᠴᠠ ᠶᠢᠨ ᠮᠠᠰᠢᠨᠴᠢᠯᠠᠯᠳᠠ ᠶᠢᠨ ᠬᠡᠮᠵᠢᠶ᠎ᠠ 100% ᠳᠤ ᠬᠦᠷᠴᠤ᠂ ᠪᠦᠬᠦ ᠤᠷᠤᠨ ᠤ ᠲᠦᠬᠦᠭᠡᠢ ᠨᠡᠭᠦᠷᠡᠰᠦ ᠶᠢᠨ ᠭᠠᠷᠤᠯᠳᠠ 12.3 ᠳ᠋ᠦᠩᠰᠢᠭᠤᠷ ᠲᠤᠨ ᠳᠤ ᠬᠦᠷᠴᠤ᠂ 1949 ᠤᠨ ᠤ ᠬᠢ ᠠᠴᠠ 2000 ᠭᠠᠷᠤᠢ ᠳᠠᠬᠢᠨ ᠨᠡᠮᠡᠭᠳᠡᠨ ᠪᠦᠬᠦ ᠤᠯᠤᠰ ᠲᠤ ᠳᠡᠳ᠋ᠯᠡᠬᠦ ᠪᠤᠯᠪᠠ︔ ᠪᠦᠬᠦ ᠤᠷᠤᠨ ᠤ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ ᠢᠢᠨ ᠶᠡᠷᠦᠩᠬᠡᠢ ᠪᠠᠭᠳᠠᠭᠠᠮᠵᠢ 2 ᠳ᠋ᠦᠩᠰᠢᠭᠤᠷ ᠺᠢᠯᠤᠸᠠᠲ ᠢ ᠳᠠᠪᠠᠵᠤ᠂ ᠰᠠᠯᠬᠢᠨ ᠬᠦᠴᠦᠨ ᠤ ᠴᠠᠬᠢᠯᠭᠠᠨ ᠪᠠ ᠭᠡᠷᠡᠯᠴᠢ ᠴᠡᠨᠡᠭ ᠵᠡᠷᠭᠡ ᠳᠠᠬᠢᠯᠳᠠ ᠡᠨᠧᠷᠬᠢ ᠪᠠᠷ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠨᠢ ᠪᠦᠬᠦ ᠮᠠᠰᠢᠨ ᠴᠤᠭᠴᠠᠯᠠᠪᠤᠷᠢ ᠢᠢᠨ 40% ᠭᠠᠷᠤᠢ ᠶᠢ ᠡᠵᠡᠯᠡᠨ᠂ ᠳᠠᠬᠢᠯᠳᠠ ᠡᠨᠧᠷᠬᠢ ᠪᠠᠷ ᠴᠠᠬᠢᠯᠭᠠᠨ ᠭᠠᠷᠭᠠᠬᠤ ᠬᠡᠮᠵᠢᠶ᠎ᠠ ᠪᠦᠬᠦ ᠤᠯᠤᠰ ᠲᠤ ᠮᠠᠩᠯᠠᠶᠢᠯᠠᠬᠤ ᠪᠤᠯᠪᠠ︔ ᠪᠦᠲᠦᠭᠦᠯᠢᠭ ᠪᠤᠯᠤᠳ ᠤᠨ ᠭᠠᠷᠤᠯᠳᠠ 3266.9 ᠲᠦᠮᠡᠨ ᠳᠤᠨ ᠳᠤ ᠬᠦᠷᠴᠤ᠂ 1949 ᠤᠨ ᠤ ᠬᠢ ᠠᠴᠠ 4600 ᠭᠠᠷᠤᠢ ᠳᠠᠬᠢᠨ ᠨᠡᠮᠡᠭᠳᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号