ᠮᠠᠨ ᠤ ᠤᠷᠤᠨ ᠤ 54 ᠠᠵᠤ ᠠᠬᠤᠶᠢᠯᠠᠯ ᠲᠤᠭ᠎ᠠ ᠪᠦᠷᠢᠳᠭᠡᠯ ᠤᠨ ᠦᠨᠡᠨᠴᠢ ᠢᠲᠡᠭᠡᠮᠵᠢᠲᠠᠢ ᠠᠵᠤ ᠠᠬᠤᠶᠢᠯᠠᠯ ᠢᠶᠠᠷ ᠦᠨᠡᠯᠡᠭᠳᠡᠵᠠᠢ
ᠨᠡᠶᠢᠲᠡᠯᠡᠭᠰᠡᠨ ᠴᠠᠭ᠄
2024/9/29
   ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠭᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠬᠦᠭᠡᠨ ᠪᠥᠬᠦ ᠣᠷᠣᠨ ᠤ 54 ᠠᠵᠤ ᠠᠬᠤᠶᠢᠯᠠᠯ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠭᠡᠯ ᠤᠨ ᠦᠨᠡᠨᠴᠢ ᠢᠲᠡᠭᠡᠮᠵᠢᠲᠡᠢ ᠠᠵᠤ ᠠᠬᠤᠶᠢᠯᠠᠯ︾ ᠢᠶᠠᠷ ᠦᠨᠡᠯᠡᠭᠳᠡᠪᠡ᠃   ᠲᠤᠭ᠎ᠠ ᠪᠦᠷᠢᠳᠭᠡᠯ ᠤᠨ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠢ ᠬᠢᠨᠠᠨ ᠲᠣᠭᠲᠠᠭᠠᠬᠤ ᠠᠵᠢᠯ ᠢ ᠥᠷᠨᠢᠭᠦᠯᠬᠦ ᠪᠣᠯ ᠮᠠᠨ ᠤ ᠤᠷᠤᠨ ᠤ ᠦᠨᠡᠨᠴᠢ ᠢᠲᠡᠭᠡᠮᠵᠢ ᠢᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ᠂ ᠬᠠᠤᠯᠢ ᠶᠣᠰᠣᠭᠠᠷ ᠲᠤᠭ᠎ᠠ ᠪᠦᠷᠢᠳᠭᠡᠬᠦ ᠪᠠ ᠦᠨᠡᠨᠴᠢ ᠢᠲᠡᠭᠡᠮᠵᠢᠲᠡᠶ ᠲᠤᠭ᠎ᠠ ᠪᠦᠷᠢᠳᠭᠡᠯ ᠢ ᠪᠥᠬᠦ ᠲᠠᠯ᠎ᠠ ᠪᠠᠷ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠭᠡᠯ ᠤᠨ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠢ ᠬᠢᠨᠠᠨ ᠲᠣᠭᠲᠠᠭᠠᠬᠤ ᠳᠤ ᠭᠤᠤᠯᠳᠠᠭᠤ ᠮᠠᠨ ᠤ ᠣᠷᠣᠨ ᠤ ᠳᠣᠲᠣᠷ᠎ᠠ ᠳᠠᠩᠰᠠᠯᠠᠭᠤᠯᠤᠭᠰᠠᠨ᠂ ᠬᠠᠤᠯᠢ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠤᠭ᠎ᠠ ᠪᠦᠷᠢᠳᠭᠡᠯ ᠤᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠡᠭᠦᠷᠭᠡ ᠶᠢ ᠡᠭᠦᠷᠭᠡᠯᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠠᠤᠯᠢ ᠶᠢᠨ ᠡᠷᠬᠡᠲᠡᠨ ᠤ ᠨᠢᠭᠡᠴᠢ᠂ ᠬᠡᠪᠴᠢᠶᠡᠵᠢᠯ ᠠᠴᠠ ᠳᠡᠭᠡᠭᠰᠢᠬᠢ ᠪᠤᠶᠤ ᠬᠢᠷᠢ ᠬᠡᠮ ᠲᠠᠢ ᠪᠠᠷᠢᠯᠭ᠎ᠠ ᠶᠢᠨ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠢ ᠵᠡᠷᠭᠡ ᠳᠥᠷᠪᠡᠨ ᠲᠥᠷᠥᠯ ᠤᠨ ᠬᠠᠤᠯᠢ ᠢᠢᠨ ᠡᠷᠬᠡᠲᠡᠨ ᠤ ᠨᠢᠭᠡᠴᠢ ᠶᠢᠨ ᠠᠵᠤ ᠠᠬᠤᠶᠢᠯᠠᠯ ᠢᠶᠠᠷ ᠭᠤᠤᠯ ᠪᠣᠯᠭᠠᠵᠤ᠂ ᠠᠵᠤ ᠠᠬᠤᠶᠢᠯᠠᠯ ᠡᠵᠡᠨ ᠮᠡᠳᠡᠵᠦ ᠭᠤᠶᠤᠴᠢᠯᠠᠨ ᠮᠡᠳᠡᠭᠦᠯᠬᠦ᠂ ᠬᠤᠰᠢᠭᠤ ᠰᠢᠶᠠᠨ᠂ ᠠᠶᠢᠮᠠᠭ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠲᠤᠭ᠎ᠠ ᠪᠦᠷᠢᠳᠭᠡᠯ ᠤᠨ ᠪᠠᠶᠢᠭᠤᠯᠤᠮᠵᠢ ᠠᠴᠠ ᠱᠠᠲᠤ ᠳᠠᠷᠠᠭᠠᠯᠠᠨ ᠰᠣᠩᠭᠤᠨ ᠭᠠᠷᠭᠠᠭᠰᠠᠨ ᠤ ᠳᠠᠷᠠᠭ᠎ᠠ ᠬᠢᠨᠠᠨ ᠲᠣᠭᠲᠠᠭᠠᠨ᠎ᠠ᠃ ᠬᠢᠨᠠᠨ ᠲᠤᠬᠲᠠᠭᠠᠬᠳᠠᠬᠰᠠᠨ ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠭᠡᠯ ᠤᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ᠂ ︽ᠢᠲᠡᠭᠡᠮᠵᠢᠲᠦ ᠳᠤᠮᠳᠠᠳᠤ ᠤᠯᠤᠰ ︵ᠥᠪᠥᠷ ᠮᠣᠩᠭᠤᠯ︶︾ ᠲᠠᠪᠴᠠᠩ ᠤᠨ 2024 ᠣᠨ ᠤ ᠥᠪᠥᠷ ᠮᠣᠩᠭᠤᠯ ᠤᠨ ᠲᠤᠭ᠎ᠠ ᠪᠦᠷᠢᠳᠭᠡᠯ ᠤᠨ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠢᠶᠠᠷ ᠦᠨᠡᠯᠡᠵᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠬᠦᠮ ᠦᠵᠡᠭᠦᠯᠬᠦ ᠦᠢᠯᠡᠴᠢᠯᠡᠭᠡ ᠶᠢ ᠭᠥᠷᠳᠡᠬᠦ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号