ᠰᠢᠨᠡᠵᠠᠮ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/3
    8 ᠰᠠᠷ᠎ᠠ ᠶᠢᠨ 31 ᠤ ᠡᠳᠦᠷ᠂ ᠰᠢᠨᠠᠵᠠᠮ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠡᠯ᠎ᠡ ᠭᠠᠴᠠᠭᠠᠨ ᠤ ᠱᠦᠵᠢ ᠬᠤᠷᠠᠯ ᠳᠤ ᠣᠷᠣᠯᠴᠠᠵᠤ᠂ ᠬᠤᠷᠠᠯ ᠢ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭᠠᠲᠦ ᠡᠷᠬᠢᠯᠡᠪᠡ᠃    ᠬᠤᠷᠠᠯ ᠠᠴᠠ ᠪᠦᠬᠦ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠬᠤᠷᠠᠯ ᠪᠠ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠡᠭᠡ ᠵᠢᠭᠰᠠᠭᠠᠨ ᠪᠠᠶᠢᠴᠠᠭᠠᠯᠲᠠ ᠶᠡᠭᠡ ᠳᠡᠭᠡᠭᠰᠢᠯᠡᠯᠲᠡ ᠶᠢᠨ ᠲᠤᠰᠬᠠᠢ ᠠᠵᠢᠯᠯᠠᠭ᠎ᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠴᠡᠭᠴᠡᠯᠡᠨ ᠰᠠᠶᠢᠵᠢᠷᠠᠭᠤᠯᠬᠤ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠥᠷᠢ ᠶᠢᠨ ᠪᠡᠯᠡ ᠮᠥᠩᠭᠦ᠂ ︽ᠭᠤᠷᠪᠠᠨ ᠪᠡᠯᠡ︾ ᠶᠢᠨ ᠬᠠᠮᠢᠶᠠᠷᠤᠯᠲᠠ᠂ ᠠᠮᠤᠷ ᠠᠮᠤᠭᠤᠯᠠᠩ ᠤᠨ ᠪᠠᠶᠢᠭᠤᠯᠤᠯᠲᠠ᠂ ᠬᠢᠨᠠᠨ ᠪᠣᠳᠣᠬᠤ ᠪᠠ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠵᠡᠷᠭᠡ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠤᠷᠲᠤ ᠬᠤᠭᠤᠴᠠᠭ᠎ᠠ ᠪᠠᠷ ᠦᠷ᠎ᠡ ᠠᠰᠢᠭ ᠢ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︔ ᠬᠤᠶᠠᠷ ᠲᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠲᠠᠷᠢᠭᠴᠢᠳ ᠲᠤ ᠨᠥᠬᠦᠪᠥᠷᠢ ᠮᠥᠩᠭᠦ ᠣᠯᠭᠤᠬᠤ ᠪᠠᠷ ᠮᠡᠳᠡᠭᠦᠯᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ︔ ᠭᠤᠷᠪᠠ ᠳᠤ᠂ ᠭᠠᠴᠠᠭᠠᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠬᠠᠮᠢᠶᠠᠷᠤᠯᠲᠠ ᠶᠢᠨ ᠭᠤᠣᠯᠳᠠᠯᠭ᠎ᠠ ᠲᠠᠢ ᠭᠤᠭᠴᠤᠭ᠎ᠠ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠤᠨ ᠡᠬᠡ ᠳᠠᠩᠰᠠ ᠶᠢ ᠪᠠᠶᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠣᠨᠣᠪᠴᠢᠲᠠᠢ ᠡᠷᠢᠵᠦ᠂ ᠪᠣᠳᠠᠲᠠᠢ ᠡᠷᠢᠵᠦ᠂ ᠪᠦᠷᠢᠨ ᠡᠷᠢᠵᠦ᠂ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠳᠥᠷᠪᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠠᠳᠬᠤᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠴᠥᠬᠦᠷᠡᠰᠢ ᠦᠭᠡᠢ ᠰᠠᠶᠢᠲᠤᠷ ᠬᠢᠵᠦ᠂ ᠵᠥᠷᠢᠴᠡᠯ ᠤᠨ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号