ᠪᠠᠶᠠᠨᠨᠠᠭᠤᠷ ᠰᠤᠮᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠵᠢᠴᠢ ᠭᠤᠷᠪᠠᠳᠤᠭᠠᠷ ᠤᠯᠠᠷᠢᠯ ᠤᠨ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/3
   ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠲᠥᠯᠥᠭᠡ᠂ ᠣᠳᠣᠬᠠᠨ ᠳᠤ ᠪᠠᠶᠠᠨᠨᠠᠭᠤᠷ ᠰᠤᠮᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠵᠢᠴᠢ ᠭᠤᠷᠪᠠᠳᠤᠭᠠᠷ ᠤᠯᠠᠷᠢᠯ ᠤᠨ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠪᠦᠦ ᠶᠠᠨ ᠴᠦᠨ ᠡᠷᠬᠢᠯᠡᠵᠦ᠂ ᠡᠯ᠎ᠡ ᠭᠠᠴᠠᠭᠠᠨ ᠤ ᠳᠠᠭᠠᠭᠠᠴᠢᠯᠠᠭᠰᠠᠨ ᠤᠳᠤᠷᠢᠳᠤᠯᠭ᠎ᠠ᠂ ᠭᠠᠴᠠᠭᠠᠨ ᠤ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ ᠵᠢᠴᠢ ᠭᠠᠴᠠᠭᠠᠨ ᠤ ᠠᠵᠢᠯ ᠤᠨ ᠳᠤᠭᠤᠶᠢᠯᠠᠩ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠵᠢᠴᠢ ᠭᠤᠷᠪᠠᠳᠤᠭᠠᠷ ᠤᠯᠠᠷᠢᠯ ᠤᠨ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠤᠨ ᠲᠥᠰᠦᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠭᠤᠷᠪᠠᠳᠤᠭᠠᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠪᠣᠯ ᠨᠢᠭᠡ ᠵᠦᠢᠯ ᠤᠨ ᠤᠷᠲᠤ ᠬᠤᠭᠤᠴᠠᠭᠠᠨ ᠤ ᠡᠭᠦᠷᠭᠡ ᠮᠥᠨ᠂ ᠡᠯ᠎ᠡ ᠭᠠᠴᠠᠭᠠᠨ ᠤ ᠳᠠᠭᠠᠭᠠᠴᠢᠯᠠᠨ ᠬᠠᠷᠢᠭᠤᠴᠠᠭᠰᠠᠨ ᠤᠳᠤᠷᠢᠳᠤᠯᠭ᠎ᠠ ᠪᠠ ᠭᠠᠴᠠᠭᠠᠨ ᠤ ᠬᠤᠶᠠᠷ ᠵᠥᠪᠯᠡᠯ ᠤᠨ ᠪᠦᠷᠢᠯᠳᠦᠬᠦᠨ ᠲᠤᠰ ᠠᠵᠢᠯ ᠤᠨ ᠴᠢᠬᠤᠯᠠ ᠴᠢᠨᠠᠷ ᠢ ᠲᠠᠨᠢᠵᠤ᠂ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠵᠢᠭᠰᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠪᠦᠷᠬᠦᠭᠦᠯᠵᠦ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠪᠦᠬᠦ ᠲᠠᠯ᠎ᠠ ᠪᠠᠷ ᠲᠦᠷᠭᠡᠨ ᠡᠬᠢᠯᠡᠭᠦᠯᠬᠦ ᠬᠡᠷᠡᠭᠲᠡᠢ᠃ ᠡᠯ᠎ᠡ ᠭᠠᠴᠠᠭ᠎ᠠ ᠨᠢ ᠪᠠᠶᠢᠷᠢᠯᠠᠭᠤᠯᠬᠤ ᠪᠠ ᠪᠣᠯᠪᠠᠰᠤᠷᠠᠭᠤᠯᠬᠤ ᠠᠵᠢᠯ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠭᠰᠠᠭᠠᠨ ᠪᠠᠶᠢᠴᠠᠭᠠᠬᠤ ᠠᠵᠢᠯᠲᠠᠨ ᠤ ᠭᠠᠷ ᠤᠲᠠᠰᠤᠨ ᠤ APP ᠶᠢᠨ ᠠᠵᠢᠯᠯᠠᠬᠤ ᠠᠯᠬᠤᠮ ᠳᠠᠷᠠᠭ᠎ᠠ ᠪᠠ ᠬᠠᠮᠢᠶ᠎ᠠ ᠪᠦᠬᠦᠢ ᠱᠠᠭᠠᠷᠳᠠᠯᠭ᠎ᠠ ᠶᠢ ᠪᠣᠯᠪᠠᠰᠤᠷᠠᠩᠭᠤᠢ ᠡᠵᠡᠮᠰᠢᠬᠦ ᠶᠢ ᠦᠨᠡᠨ ᠬᠦ ᠪᠠᠲᠤᠯᠠᠵᠤ᠂ ᠭᠠᠴᠠᠭᠠᠨ ᠤ ᠵᠢᠭᠰᠠᠭᠠᠨ ᠪᠠᠶᠢᠴᠠᠭᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠣᠷᠣᠯᠭ᠎ᠠ ᠪᠠᠨ ᠨᠡᠮᠡᠭᠳᠡᠭᠦᠯᠦᠨ ᠬᠤᠪᠢ ᠬᠤᠷᠠᠮᠳᠤᠭᠤᠯᠬᠤ ᠲᠦᠷᠢᠮ᠂ ᠦᠬᠡᠷ ᠬᠤᠨᠢ ᠶᠢ ᠭᠠᠷᠭᠠᠬᠤ ᠵᠡᠷᠭᠡ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠢᠳᠡᠪᠬᠢᠲᠡᠢ ᠬᠠᠮᠵᠢᠯᠴᠠᠭᠤᠯᠵᠤ᠂ ᠠᠵᠢᠯ ᠤᠨ ᠦᠷ᠎ᠡ ᠪᠦᠲᠦᠮᠵᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠠᠵᠢᠯ ᠤᠨ ᠭᠤᠣᠯᠳᠠᠯᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠦᠷᠦᠭᠦᠦ ᠬᠤᠶᠠᠷ ᠤᠯᠠᠷᠢᠯ ᠳᠤ ᠵᠢᠭᠰᠠᠭᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ︽ᠡᠷᠭᠢᠨ ᠬᠠᠷᠠᠬᠤ︾ ᠠᠵᠢᠯ ᠢ ᠥᠷᠨᠢᠭᠦᠯᠵᠦ᠂ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠵᠢᠭᠰᠠᠭᠠᠨ ᠪᠠᠶᠢᠴᠠᠭᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠢᠭᠰᠠᠭᠠᠨ ᠪᠠᠶᠢᠴᠠᠭᠠᠭᠰᠠᠨ ᠪᠠᠶᠢᠳᠠᠯ ᠤᠨ ᠦᠨᠡᠨ ᠪᠣᠳᠠᠲᠠᠢ᠂ ᠲᠤᠭ᠎ᠠ ᠪᠠᠷᠢᠮᠲᠠ ᠶᠢ ᠨᠠᠷᠢᠯᠢᠭ ᠣᠨᠣᠴᠠᠲᠠᠢ ᠪᠠᠶᠢᠬᠤ ᠶᠢ ᠦᠨᠡᠨᠬᠦ ᠪᠠᠲᠤᠯᠠᠵᠤ᠂ ᠭᠤᠷᠪᠠᠳᠤᠭᠠᠷ ᠤᠯᠠᠷᠢᠯ ᠳᠤ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠪᠠ ᠬᠠᠪᠰᠤᠷᠤᠨ ᠲᠡᠳᠬᠦᠬᠦ ᠠᠵᠢᠯ ᠢ ᠥᠨᠳᠥᠷ ᠪᠦᠲᠦᠮᠵᠢᠲᠡᠢ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃    ᠬᠤᠷᠠᠯ ᠤᠨ ᠳᠠᠷᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠠᠯᠠᠭᠴᠢ ᠨᠢ ᠲᠤᠰ ᠤᠳᠠᠭᠠᠨ ᠤ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠳᠤ APP ᠶᠢᠨ ︽ᠠᠯᠠᠭᠠᠨ ᠳᠡᠭᠡᠷᠡᠬᠢ ᠴᠥᠮ᠎ᠡ ᠶᠢᠨ ᠳ᠋ᠠᠶᠢᠲ᠋ᠠ︾ ᠶᠢ ᠬᠡᠷᠡᠭᠯᠡᠭᠰᠡᠨ ᠪᠠᠶᠢᠳᠠᠯ ᠤᠨ ᠲᠤᠬᠠᠢ ᠨᠢᠭᠤᠷᠲᠠᠨ ᠵᠢᠯᠣᠭᠤᠳᠴᠤ ᠪᠣᠯᠪᠠᠰᠤᠷᠠᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号