ᠭᠤᠣᠯ ᠤᠨ ᠪᠠᠶᠢᠰᠢᠩ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠵᠦ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠵᠢᠴᠢ ᠭᠤᠷᠪᠠᠳᠤᠭᠠᠷ ᠤᠯᠠᠷᠢᠯ ᠤᠨ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/3
   8 ᠰᠠᠷ᠎ᠠ ᠶᠢᠨ 30 ᠤ ᠡᠳᠦᠷ᠂ ᠭᠤᠣᠯ ᠤᠨ ᠪᠠᠶᠢᠰᠢᠩ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠡᠭᠡ ᠵᠢᠭᠰᠠᠭᠠᠨ ᠪᠠᠶᠢᠴᠠᠭᠠᠯᠲᠠ ᠶᠡᠭᠡ ᠳᠡᠭᠡᠭᠰᠢᠯᠡᠯᠲᠡ ᠶᠢᠨ ᠲᠤᠰᠬᠠᠢ ᠠᠵᠢᠯᠯᠠᠭ᠎ᠠ ᠵᠢᠴᠢ ᠭᠤᠷᠪᠠᠳᠤᠭᠠᠷ ᠤᠯᠠᠷᠢᠯ ᠤᠨ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠳ᠋ᠠᠢ ᠶᠢᠨ ᠹᠧᠩ ᠡᠷᠭᠢᠯᠡᠵᠦ᠂ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠠᠵᠢᠯᠲᠠᠨ ᠵᠢᠴᠢ ᠡᠯ᠎ᠡ ᠭᠠᠴᠠᠭᠠᠨ ᠤ ᠨᠢᠭᠡᠳᠦᠭᠡᠷ ᠱᠦᠵᠢ᠂ ᠵᠠᠰᠠᠭ ᠤᠨ ᠣᠷᠳᠣᠨ ᠤ ᠠᠵᠢᠯᠯᠠᠬᠤ ᠳᠤᠭᠤᠶᠢᠯᠠᠩ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠡᠭᠡ ᠪᠠᠶᠢᠴᠠᠭᠠᠯᠲᠠ ᠶᠡᠭᠡ ᠳᠡᠭᠡᠭᠰᠢᠯᠡᠯᠲᠡ ᠶᠢᠨ ᠲᠤᠰᠬᠠᠢ ᠠᠵᠢᠯᠯᠠᠭ᠎ᠠ ᠵᠢᠴᠢ ᠭᠤᠷᠪᠠᠳᠤᠭᠠᠷ ᠤᠯᠠᠷᠢᠯ ᠤᠨ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠤᠨ ᠲᠥᠰᠦᠯ︾ ᠳᠤ ᠨᠠᠷᠢᠨ ᠲᠠᠶᠢᠯᠤᠮᠵᠢ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠡᠭᠡ ᠪᠠᠶᠢᠴᠠᠭᠠᠯᠲᠠ ᠶᠡᠭᠡ ᠳᠡᠭᠡᠭᠰᠢᠯᠡᠯᠲᠡ ᠶᠢᠨ ᠲᠤᠰᠬᠠᠢ ᠠᠵᠢᠯᠯᠠᠭ᠎ᠠ ᠵᠢᠴᠢ ᠭᠤᠷᠪᠠᠳᠤᠭᠠᠷ ᠤᠯᠠᠷᠢᠯ ᠤᠨ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠭᠤᠯᠭ᠎ᠠ᠂ ᠴᠠᠭ ᠤᠨ ᠲᠣᠬᠢᠷᠠᠭᠤᠯᠤᠯᠲᠠ᠂ ᠠᠩᠬᠠᠷᠬᠤ ᠵᠦᠢᠯ ᠵᠡᠷᠭᠡ ᠶᠢᠨ ᠲᠣᠭᠤᠷᠢᠨ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃    ᠬᠤᠷᠠᠯ ᠠᠴᠠ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠵᠢᠴᠢ ᠭᠤᠷᠪᠠᠳᠤᠭᠠᠷ ᠤᠯᠠᠷᠢᠯ ᠤᠨ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠤᠨ ᠵᠠᠶᠢᠯᠠᠰᠢ ᠦᠭᠡᠢ ᠴᠢᠨᠠᠷ᠂ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠵᠢᠭᠰᠠᠭᠠᠨ ᠪᠠᠶᠢᠴᠠᠭᠠᠬᠤ ᠠᠵᠢᠯᠲᠠᠨ ᠭᠠᠷ ᠤᠲᠠᠰᠤᠨ ᠤ APP ᠶᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠤᠨ ᠶᠠᠪᠤᠴᠠ᠂ ᠠᠵᠢᠯᠯᠠᠬᠤ ᠠᠯᠬᠤᠮ ᠳᠠᠷᠠᠭ᠎ᠠ ᠪᠠ ᠬᠠᠮᠢᠶ᠎ᠠ ᠪᠦᠬᠦᠢ ᠱᠠᠭᠠᠷᠳᠠᠯᠭ᠎ᠠ ᠶᠢ ᠪᠣᠯᠪᠠᠰᠤᠷᠠᠩᠭᠤᠢ ᠡᠵᠡᠮᠰᠢᠬᠦ ᠶᠢ ᠦᠨᠡᠨ ᠬᠦ ᠪᠠᠲᠤᠯᠠᠵᠤ᠂ ᠵᠢᠭᠰᠠᠭᠠᠨ ᠪᠠᠶᠢᠴᠠᠭᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠠᠵᠢᠯᠲᠠᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠬᠠᠮᠲᠤ ᠤᠬᠠᠭᠤᠯᠭ᠎ᠠ ᠶᠢ ᠴᠢᠩᠭᠠᠳᠬᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠢᠳᠡᠪᠬᠢᠲᠡᠢ ᠬᠠᠮᠵᠢᠯᠴᠠᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠡᠭᠡ ᠵᠢᠭᠰᠠᠭᠠᠨ ᠪᠠᠶᠢᠴᠠᠭᠠᠯᠲᠠ ᠶᠡᠭᠡ ᠳᠡᠭᠡᠭᠰᠢᠯᠡᠯᠲᠡ ᠶᠢᠨ ᠲᠤᠰᠬᠠᠢ ᠠᠵᠢᠯᠯᠠᠭ᠎ᠠ ᠵᠢᠴᠢ ᠭᠤᠷᠪᠠᠳᠤᠭᠠᠷ ᠤᠯᠠᠷᠢᠯ ᠤᠨ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠤᠨ ᠴᠠᠭ ᠤᠨ ᠬᠢᠵᠠᠭᠠᠷ ᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠠᠭ ᠲᠤᠬᠠᠢ ᠳᠤᠨᠢ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号