ᠪᠠᠶᠠᠨᠬᠤᠰᠢᠭᠤ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/3
   ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠪᠠᠶᠠᠨᠬᠤᠰᠢᠭᠤ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠪᠦᠦ ᠵᠢᠶᠦ᠋ᠨ ᠬᠤᠷᠠᠯ ᠡᠷᠬᠢᠯᠡᠪᠡ᠃    ᠬᠤᠷᠠᠯ ᠠᠴᠠ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠶᠢᠮᠠᠭ ᠤᠨ ᠱᠠᠲᠤᠨ ᠤ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠵᠢᠴᠢ ᠪᠠᠶᠠᠨᠬᠤᠰᠢᠭᠤ ᠪᠠᠯᠭᠠᠰᠤᠨ ᠤ ᠥᠪᠡᠰᠦᠪᠡᠨ ᠪᠠᠶᠢᠴᠠᠭᠠᠭᠰᠠᠨ ᠠᠰᠠᠭᠤᠳᠠᠯ ᠢ ᠵᠠᠷᠯᠠᠨ ᠮᠡᠳᠡᠭᠳᠡᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠪᠠ᠃    ᠬᠤᠷᠠᠯ ᠠᠴᠠ᠂ ᠬᠠᠷᠢᠭᠤᠴᠠᠯᠭ᠎ᠠ ᠶᠢ ᠲᠣᠳᠣᠷᠬᠠᠢ ᠭᠦᠢᠴᠡᠳᠬᠡᠬᠦ ᠶᠢ ᠪᠠᠷᠢᠮᠲᠠᠯᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠭᠤᠶᠢᠯᠠᠩ ᠢ ᠪᠠᠶᠢᠭᠤᠯᠵᠤ᠂ ᠠᠵᠢᠯ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠬᠠᠷᠠᠯᠲᠠ ᠪᠠᠨ ᠲᠣᠭᠲᠠᠭᠠᠵᠤ᠂ ᠭᠤᠣᠯᠳᠠᠯᠭ᠎ᠠ ᠶᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠦᠨᠡᠯᠡᠨ ᠵᠢᠱᠢᠵᠦ ᠬᠢᠨᠠᠨ ᠰᠢᠯᠭᠠᠬᠤ ᠠᠵᠢᠯ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠨ ᠬᠠᠷᠢᠭᠤ ᠲᠤᠰᠬᠠᠭᠰᠠᠨ ᠠᠰᠠᠭᠤᠳᠠᠯ ᠢ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠬᠦ ᠶᠢ ᠦᠨᠡᠨᠬᠦ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠥᠩᠭᠡᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠪᠠ ︽ᠨᠢᠭᠡ ᠯᠡ ᠠᠳᠠᠯᠢ ᠪᠠᠷ ᠱᠠᠭᠠᠷᠳᠠᠬᠤ︾ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠡᠷᠭᠡᠶᠢᠯᠡᠵᠦ᠂ ᠡᠶᠢᠮᠦᠷᠬᠦ ᠠᠰᠠᠭᠤᠳᠠᠯ ᠳᠠᠬᠢᠨ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ᠃    ᠡᠯ᠎ᠡ ᠭᠠᠴᠠᠭᠠᠨ ᠤ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠂ ᠨᠠᠮ ᠤᠨ ᠡᠭᠦᠷ ᠤᠨ ᠱᠦᠵᠢ᠂ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠬᠠᠮᠵᠢᠨ ᠬᠠᠮᠢᠶᠠᠷᠤᠭᠴᠢ ᠵᠢᠴᠢ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠲᠤᠬᠠᠶᠢᠯᠠᠭᠰᠠᠨ ᠠᠵᠢᠯ ᠤᠨ ᠠᠵᠢᠯᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号