ᠪᠠᠶᠠᠨᠬᠤᠰᠢᠭᠤ ᠪᠠᠯᠭᠠᠰᠤ 2024 ᠣᠨ ᠤ ᠭᠤᠷᠪᠠᠳᠤᠭᠠᠷ ᠤᠯᠠᠷᠢᠯ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/3
   ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠰᠢᠨ᠎ᠡ ᠪᠠᠶᠢᠳᠠᠯ ᠢ ᠡᠭᠦᠳᠬᠦ ᠶᠢᠨ ᠲᠥᠯᠥᠭᠡ᠂ ᠣᠶᠢᠷ᠎ᠠ ᠳᠤ᠂ ᠪᠠᠶᠠᠨᠬᠤᠰᠢᠭᠤ ᠪᠠᠯᠭᠠᠰᠤ 2024 ᠣᠨ ᠤ ᠭᠤᠷᠪᠠᠳᠤᠭᠠᠷ ᠤᠯᠠᠷᠢᠯ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠳᠠᠷᠤᠭ᠎ᠠ ᠸᠠᠩ ᠪᠦᠦ ᠵᠢᠶᠦ᠋ᠨ ᠬᠤᠷᠠᠯ ᠢ ᠡᠷᠬᠢᠯᠡᠪᠡ᠃    ᠬᠤᠷᠠᠯ ᠠᠴᠠ᠂ ᠡᠯ᠎ᠡ ᠭᠠᠴᠠᠭ᠎ᠠ ᠨᠢ ᠣᠨᠴᠠᠯᠢᠭᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠭᠢᠯᠠᠰ ᠴᠡᠭ ᠢ ᠠᠭᠤᠳᠠᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠬᠥᠮᠥᠷᠭᠡ ᠶᠢ ᠴᠠᠭ ᠲᠤᠬᠠᠢ ᠳᠤᠨᠢ ᠰᠢᠨᠡᠳᠬᠡᠵᠦ᠂ ᠴᠠᠭ ᠦᠶ᠎ᠡ ᠶᠢᠨ ᠳᠠᠪᠰᠢᠯᠲᠠ᠂ ᠠᠷᠠᠳ ᠣᠯᠠᠨ ᠤ ᠬᠡᠷᠡᠭᠴᠡᠭᠡ ᠳᠤ ᠨᠡᠩ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠭᠦᠨᠵᠡᠭᠡᠢ ᠠᠭᠤᠳᠠᠯᠬᠤ ᠬᠡᠷᠡᠭᠲᠡᠢ᠃ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠥᠷᠥᠯ ᠤᠨ ᠡᠬᠢ ᠪᠠᠶᠠᠯᠢᠭ ᠢ ᠰᠠᠨᠠᠭᠠᠴᠢᠯᠠᠭ᠎ᠠ ᠠᠴᠠ ᠪᠠᠨ ᠨᠡᠶᠢᠳᠬᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠬᠥᠳᠡᠭᠡ ᠲᠣᠰᠬᠤᠨ ᠤ ᠵᠠᠰᠠᠯᠲᠠ ᠳᠤ ᠠᠭᠤᠰᠤᠯᠴᠠᠭᠤᠯᠵᠤ᠂ ᠠᠵᠢᠯᠯᠠᠭ᠎ᠠ ᠪᠠᠷ ᠦᠷ᠎ᠡ ᠪᠦᠲᠦᠮᠵᠢ ᠶᠢ ᠠᠬᠢᠭᠤᠯᠬᠤ ᠬᠡᠷᠡᠭᠲᠡᠢ᠃ ᠣᠳᠣ ᠦᠶ᠎ᠡ ᠶᠢᠨ ᠪᠣᠯᠪᠠᠰᠤᠨ ᠤ ᠲᠦᠪᠰᠢᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠭᠤᠴᠢᠨ ᠶᠣᠰᠣ ᠪᠦᠳᠦᠭᠦᠯᠢᠭ ᠵᠠᠩ ᠰᠤᠷᠲᠠᠯ ᠢ ᠠᠷᠢᠯᠭᠠᠬᠤ᠂ ᠪᠣᠯᠪᠠᠰᠤᠨ ᠰᠢᠨ᠎ᠡ ᠰᠤᠷᠲᠠᠯ ᠢ ᠪᠣᠢ ᠪᠣᠯᠭᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠤᠶᠢᠵᠢᠭᠤᠯᠬᠤ ᠶᠢ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠬᠥᠳᠡᠭᠡ ᠲᠣᠰᠬᠤᠨ ᠤ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠣᠯᠪᠠᠰᠤᠨ ᠤ ᠰᠢᠨ᠎ᠡ ᠳᠦᠷᠰᠦ ᠪᠠᠶᠢᠳᠠᠯ ᠢ ᠪᠠᠳᠠᠷᠠᠭᠤᠯᠬᠤ ᠬᠡᠷᠡᠭᠲᠡᠢ᠃    ᠬᠤᠷᠠᠯ ᠤᠨ ᠳᠠᠷᠠᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠬᠡᠷᠬᠢᠨ ᠳᠡᠭᠡᠭᠰᠢᠯᠡᠭᠦᠯᠬᠦ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠥᠷᠭᠡᠳᠬᠡᠬᠦ ᠲᠤᠬᠠᠢ ᠪᠣᠯᠪᠠᠰᠤᠷᠠᠯ ᠬᠢᠪᠡ᠃    ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭᠠᠨ ᠤ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠳᠠᠷᠤᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号