ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 82 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ 7 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/3
    9 ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 82 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ 7 ᠳ᠋ᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠷᠠᠯ ᠠᠴᠠ ᠲᠥᠪ ᠬᠤᠷᠢ᠊ ᠡᠶ᠎ᠡ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠠᠵᠢᠯ ᠤᠨ ᠳᠦᠷᠢᠮ᠂ ᠠᠯᠪᠠᠨ ᠭᠡᠷ ᠤᠨ ᠠᠵᠢᠯ ᠤᠨ ᠨᠠᠷᠢᠨ ᠳᠦᠷᠢᠮ ᠪᠠ 2024 ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠵᠦ᠂ ᠪᠦᠬᠦ ᠬᠤᠰᠢᠭᠤᠨ ᠤ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠰᠢᠭᠤᠳ ᠬᠠᠮᠢᠶᠠᠷᠤᠯᠲᠠ ᠶᠢᠨ ᠨᠢᠭᠡᠴᠡ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠶᠠᠷᠢᠯᠴᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠪᠠ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠰᠣᠶᠣᠯ ᠵᠢᠭᠤᠯᠴᠢᠯᠠᠯ᠂ ᠠᠯᠠᠰᠢᠨ ᠦᠬᠡᠷ᠂ ᠠᠮᠢ ᠠᠬᠤᠢ᠂ ᠴᠡᠪᠡᠷ ᠡᠨᠧᠷᠭᠢ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ᠂ ᠰᠢᠨ᠎ᠡ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤᠮᠳᠠᠬᠢ ᠲᠦᠭᠵᠢᠷᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠥᠨᠳᠥᠷ ᠬᠢᠷᠢ ᠲᠦᠪᠰᠢᠨ ᠪᠦᠬᠦᠢ ᠬᠠᠤᠯᠢ ᠪᠠᠷ ᠵᠠᠰᠠᠬᠤ ᠪᠠᠶᠢᠭᠤᠯᠤᠯᠲᠠ ᠪᠠᠷ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃ ᠳᠠᠶᠢᠨ ᠳᠤ ᠪᠡᠯᠡᠳᠬᠡᠵᠦ ᠳᠠᠶᠢᠨ ᠬᠢᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠩᠭᠢ ᠪᠠ ᠣᠷᠣᠨ ᠨᠤᠲᠤᠭ ᠬᠤᠯᠪᠣᠭᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠵᠡᠷᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠰᠢᠨ᠎ᠡ ᠴᠠᠭ ᠦᠶ᠎ᠡ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃    ᠬᠤᠷᠠᠯ ᠠᠴᠠ᠂ ᠰᠤᠮᠤ ᠪᠠᠯᠭᠠᠰᠤ᠂ ᠭᠠᠴᠠᠭ᠎ᠠ᠂ ᠨᠡᠶᠢᠭᠡᠮ ᠲᠣᠭᠤᠷᠢᠭ ᠵᠢᠴᠢ ᠡᠯ᠎ᠡ ᠰᠠᠯᠠᠭ᠎ᠠ ᠮᠥᠴᠢᠷ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ ᠶᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠳᠡᠭᠡᠳᠦ ᠱᠠᠲᠤᠨ ᠤ ᠰᠢᠯᠭᠠᠨ ᠬᠢᠨᠠᠬᠤ ᠭᠦᠢᠴᠡᠳᠬᠡᠯ ᠲᠤᠭ᠎ᠠ ᠪᠠ ᠪᠦᠬᠦ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠲᠣᠭᠤᠷᠢᠨ ᠳᠤ ᠨᠠᠷᠢᠨ ᠨᠢᠮᠪᠠᠢ ᠲᠥᠯᠥᠪᠯᠡᠵᠦ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠰᠢᠯᠭᠠᠨ ᠬᠢᠨᠠᠬᠤ ᠠᠷᠭ᠎ᠠ ᠶᠢ ᠲᠡᠭᠦᠯᠳᠡᠷᠵᠢᠭᠦᠯᠵᠦ᠂ ᠰᠢᠯᠭᠠᠨ ᠬᠢᠨᠠᠬᠤ ᠠᠭᠤᠯᠭ᠎ᠠ ᠶᠢ ᠲᠡᠭᠦᠯᠳᠡᠷᠵᠢᠭᠦᠯᠦᠨ᠂ ᠰᠢᠯᠭᠠᠨ ᠬᠢᠨᠠᠬᠤ ᠳᠡᠰ ᠳᠠᠷᠠᠭᠠᠯᠠᠯ ᠢ ᠵᠢᠷᠤᠮᠵᠢᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠬᠤᠯᠠᠴᠢᠯᠠᠵᠤ᠂ ᠪᠦᠬᠦ ᠬᠤᠰᠢᠭᠤᠨ ᠤ ᠺᠠᠳ᠋ᠷ ᠤᠨ ᠡᠩᠨᠡᠭᠡ ᠶᠢᠨ ᠠᠵᠢᠯ ᠬᠢᠵᠦ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠪᠠ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号