ᠮᠠᠨ ᠤ ᠤᠷᠤᠨ ᠰᠦ ᠶᠢᠨ ᠤᠶᠢᠯᠡᠰ ᠢ ᠬᠦᠭᠵᠢᠬᠦᠯᠦᠨ ᠮᠠᠨᠳᠤᠭᠤᠯᠬᠤ ᠪᠡᠯᠡ ᠮᠦᠡᠭᠬᠦ ᠶᠢᠨ ᠦᠷ᠎ᠠ ᠠᠰᠢᠭ ᠢ ᠰᠠᠶᠢᠳᠤᠷ ᠪᠠᠳᠠᠷᠠᠭᠤᠯᠵᠦ ᠪᠤᠢ
ᠨᠡᠶᠢᠲᠡᠯᠡᠭᠰᠡᠨ ᠴᠠᠭ᠄
2024/9/3
   ᠤᠶᠢᠷ᠎ᠡ ᠶᠢᠨ ᠵᠢᠯ ᠳᠤ᠂ ᠮᠠᠨ ᠤ ᠣᠷᠣᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠯᠠ ᠣᠷᠣᠭᠤᠯᠤᠯᠲᠠ ᠶᠢᠨ ᠪᠠᠯᠠ ᠮᠥᠩᠭᠦ ᠶᠢᠨ ᠦᠷ᠎ᠡ ᠠᠰᠢᠭ ᠢ ᠪᠠᠳᠠᠷᠠᠭᠤᠯᠤᠨ᠂ ᠰᠦ ᠶᠢᠨ ᠢᠷᠡᠯᠳᠡ ᠶᠢᠨ ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠡ ᠶᠢᠨ ᠶᠠᠰᠤ ᠴᠢᠨᠠᠷ ᠢ ᠲᠡᠭᠡᠭᠰᠢᠯᠡᠬᠦᠯᠵᠤ ᠦᠷ᠎ᠡ ᠪᠦᠳᠦᠮᠵᠢ ᠶᠢ ᠨᠡᠮᠡᠭᠳᠡᠬᠦᠯᠵᠤ ᠪᠠᠶᠢᠨ᠎ᠡ᠃   ᠪᠡᠯᠡ ᠣᠷᠣᠭᠤᠯᠤᠯᠲᠠ ᠶᠢᠨ ᠨᠡᠮᠡᠭᠳᠡᠯ ᠲᠠᠰᠤᠷᠠᠯᠲᠠ ᠦᠭᠡᠢ ᠥᠷᠭᠡᠵᠢᠪᠡ᠃ ᠲᠦᠷᠦᠬᠦᠤ ᠬᠤᠭᠤᠴᠠᠭᠠᠨ ᠤ ᠪᠡᠯᠡ ᠣᠷᠣᠭᠤᠯᠤᠯᠲᠠ ᠶᠢᠨ ᠰᠠᠭᠤᠷᠢᠨ ᠳᠡᠭᠡᠷ᠎ᠡ᠂ 2024 ᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠯᠠ ᠣᠷᠣᠭᠤᠯᠤᠯᠲᠠ ᠶᠢᠨ ᠪᠠᠯᠠ ᠮᠥᠩᠭᠦ ᠬᠢᠭᠡᠳ ᠢᠯᠢ᠂ ᠮᠧᠩ ᠨᠢᠤ ᠪᠦ᠋ᠯᠦᠭᠯᠡᠯ ᠤᠨ ᠬᠠᠷᠢᠶ᠎ᠠ ᠪᠥᠬᠦᠶ ᠬᠠᠮᠲᠤᠷᠠᠯᠴᠠᠭᠠᠨ ᠤ ᠭᠤᠤᠯ ᠴᠣᠭᠴᠠ ᠶᠢᠨ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠰᠡᠨ ᠮᠠᠯᠵᠢᠯ ᠤᠨ ᠲᠠᠯᠠᠪᠠᠶ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ 1.3 ᠳ᠋ᠦᠩᠰᠢᠭᠤᠷ ᠲᠥᠭᠦᠷᠢᠭ ᠲᠤ ᠬᠦᠷᠪᠡ᠃ ᠡᠭᠦᠨ ᠳᠤ ᠡᠳ᠋ ᠤᠨ ᠵᠠᠰᠠᠭ ᠠᠴᠠ 0.64 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ ᠰᠦ ᠶᠢᠨ ᠠᠵᠤ ᠠᠬᠤᠶᠢᠯᠠᠯ ᠤᠨ ᠢᠵᠢ ᠪᠦᠷᠢᠳᠦᠭᠦᠯᠬᠦ ᠪᠠᠯᠠ ᠤᠷᠤᠭᠤᠯᠤᠯᠳᠡ 0.66 ᠳ᠋ᠦᠩᠰᠢᠭᠤᠷ ᠲᠥᠭᠦᠷᠢᠭ ᠲᠤ ᠬᠦᠷᠴᠡᠶ᠃ ᠬᠤᠶᠠᠷ ᠵᠢᠯ ᠭᠠᠷᠤᠶ ᠶᠢᠨ ᠲᠤᠷᠰᠢ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠭᠡᠵᠦ᠂ ᠬᠠᠮᠲᠤᠷᠠᠯᠴᠠᠭᠠᠨ ᠤ ᠭᠤᠤᠯ ᠴᠣᠭᠴᠠ ᠯᠤᠭ᠎ᠠ ᠨᠡᠶᠢᠲᠡ 9 ᠳ᠋ᠦᠩᠰᠢᠭᠤᠷ ᠭᠠᠷᠤᠶ ᠲᠥᠭᠦᠷᠢᠭ ᠤᠨ ᠪᠠᠯᠠ ᠣᠷᠣᠭᠤᠯᠵᠤ᠂ ᠨᠢᠭᠡ ᠪᠦᠯᠦᠭ ᠬᠡᠪᠴᠢᠶ᠎ᠡ ᠪᠠᠷ ᠶᠡᠭᠡ᠂ ᠪᠠᠷᠢᠮᠵᠢᠶ᠎ᠠ ᠪᠠᠷ ᠥᠨᠳᠥᠷ᠂ ᠰᠦ ᠶᠢᠨ ᠢᠷᠡᠯᠲᠡ ᠶᠢᠨ ᠶᠠᠰᠤ ᠴᠢᠨᠠᠷ ᠢᠶᠠᠷ ᠰᠢᠯᠢᠳᠡᠭ ᠬᠡᠪᠴᠢᠶᠡᠵᠢᠭᠰᠡᠨ ᠮᠠᠯᠵᠢᠯ ᠤᠨ ᠲᠠᠯᠠᠪᠠᠶ ᠪᠠᠶᠢᠭᠤᠯᠬᠤ ᠶᠢ ᠳᠡᠮᠵᠢᠪᠡ᠃   ᠪᠠᠯᠠ ᠣᠷᠣᠭᠤᠯᠤᠯᠲᠠ ᠢᠯᠡᠷᠬᠡᠢ ᠦᠷ᠎ᠡ ᠪᠦᠲᠦᠮᠵᠢ ᠤᠯᠪᠠ᠃ ᠣᠳᠣᠬᠠᠨ ᠪᠣᠯᠲᠠᠯ᠎ᠠ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠯᠠ ᠣᠷᠣᠭᠤᠯᠤᠯᠲᠠ ᠶᠢᠨ ᠪᠠᠯᠠ ᠮᠥᠩᠭᠦ ᠪᠠᠷ 18 ᠬᠡᠪᠴᠢᠶᠡᠵᠢᠭᠰᠡᠨ ᠮᠠᠯᠵᠢᠯ ᠤᠨ ᠲᠠᠯᠠᠪᠠᠶ ᠳ᠋ᠤ᠋ 4.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠰᠦ ᠶᠢᠨ ᠠᠵᠤ ᠠᠬᠤᠶᠢᠯᠠᠯ ᠤᠨ ᠢᠵᠢ ᠪᠦᠷᠢᠳᠦᠭᠦᠯᠬᠦ ᠪᠠᠯᠠ ᠤᠷᠤᠭᠤᠯᠤᠯᠳᠡ ᠶᠢ 5.38 ᠳ᠋ᠦᠩᠰᠢᠭᠤᠷ ᠲᠥᠭᠦᠷᠢᠭ ᠳᠠᠶᠢᠴᠢᠯᠠᠵᠤ᠂ ᠠᠵᠤ ᠦᠢᠯᠡᠰ ᠤᠨ ᠪᠡᠯᠡ ᠤᠷᠤᠭᠤᠯᠤᠯᠳᠡ ᠶᠢ 20.16 ᠳ᠋ᠦᠩᠰᠢᠭᠤᠷ ᠲᠥᠭᠦᠷᠢᠭ ᠳᠠᠶᠢᠴᠢᠯᠠᠵᠤ᠂ ᠮᠠᠯᠵᠢᠯ ᠤᠨ ᠲᠠᠯᠠᠪᠠᠶ ᠶᠢᠨ ᠠᠪᠴᠠᠭᠠᠨ ᠤ ᠡᠷᠬᠡ ᠶᠢᠨ ᠪᠠᠯᠠ ᠬᠤᠷᠠᠮᠳᠤᠭᠤᠯᠭ᠎ᠠ ᠶᠢ 34.98 ᠳ᠋ᠦᠩᠰᠢᠭᠤᠷ ᠲᠥᠭᠦᠷᠢᠭ ᠳᠠᠶᠢᠴᠢᠯᠠᠵᠤ᠂ ᠡᠯ᠎ᠡ ᠲᠠᠯ᠎ᠠ ᠶᠢᠨ ᠬᠢᠨ ᠤ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠪᠠ᠃   ᠬᠠᠮᠢᠶᠠᠷᠤᠯᠲᠠ ᠪᠠᠨ ᠴᠢᠩᠭᠠᠳᠬᠠᠵᠤ ᠬᠠᠮᠲᠤᠷᠠᠯ ᠬᠦᠴᠦᠨ ᠢ ᠪᠦᠷᠢᠯᠳᠦᠭᠦᠯᠪᠠ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠯᠠ ᠣᠷᠣᠭᠤᠯᠤᠯᠲᠠ ᠶᠢᠨ ᠪᠠᠯᠠ ᠮᠥᠩᠭᠦ ᠬᠢᠬᠡᠳ ᠰᠦ ᠶᠢᠨ ᠤᠶᠢᠯᠡᠰ ᠤᠨ ᠠᠵᠤ ᠠᠬᠤᠶᠢᠯᠠᠯ ᠬᠠᠮᠲᠤᠷᠠᠯᠴᠠᠵᠤ᠂ ᠰᠲ᠋ᠣᠺ ᠤᠨ ᠡᠷᠬᠡ ᠪᠠᠷ ᠪᠠᠯᠠ ᠣᠷᠣᠭᠤᠯᠬᠤ ᠵᠠᠭᠪᠤᠷ ᠢᠶᠠᠷ ᠰᠢᠨ᠎ᠡ ᠪᠠᠷ ᠪᠠᠶᠢᠭᠤᠯᠤᠭᠰᠠᠨ ᠮᠠᠯᠵᠢᠯ ᠤᠨ ᠲᠠᠯᠠᠪᠠᠶ ᠶᠢᠨ ᠰᠠᠭᠤᠷᠢ ᠲᠦᠬᠦᠬᠡᠷᠤᠮᠵᠢ ᠪᠠ ᠦᠬᠡᠷ ᠬᠤᠳᠠᠯᠳᠤᠨ ᠠᠪᠬᠤ ᠳᠤ ᠬᠠᠮᠲᠤ ᠪᠠᠷ ᠤᠷᠤᠯᠴᠠᠪᠠ᠃ ᠰᠢᠯᠭᠠᠨ ᠪᠠᠶᠢᠴᠠᠭᠠᠯᠲᠠ ᠪᠠᠷ ᠳᠡᠮᠵᠢᠨ᠂ ᠲᠣᠰ ᠵᠠᠭᠪᠤᠷ ᠨᠢ ᠲᠥᠬᠦᠮ ᠪᠥᠭᠡᠳ ᠥᠨᠳᠥᠷ ᠪᠦᠲᠦᠮᠵᠢᠲᠡᠶ ᠪᠠᠶᠢᠵᠤ᠂ ᠡᠯ᠎ᠡ ᠣᠷᠣᠯᠴᠠᠬᠤ ᠭᠤᠤᠯ ᠴᠣᠭᠴᠠ ᠶᠢ ᠨᠢᠭᠲᠠ ᠬᠤᠯᠪᠣᠵᠤ᠂ ᠰᠦ ᠶᠢᠨ ᠠᠵᠤ ᠠᠬᠤᠶᠢᠯᠠᠯ ᠠᠴᠠ ᠵᠢᠷᠤᠮᠵᠢᠭᠤᠯᠤᠨ ᠡᠵᠡᠩᠨᠡᠵᠦ᠂ ︽ᠪᠠᠯᠠ ᠮᠥᠩᠭᠦ + ᠡᠵᠡᠩᠨᠡᠯᠲᠡ︾ ᠶᠢᠨ ᠰᠠᠶᠢᠨ ᠵᠠᠭᠪᠤᠷ ᠢ ᠪᠦᠷᠢᠯᠳᠦᠭᠦᠯᠵᠦ᠂ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠳᠤ ᠭᠦᠢᠴᠡᠳ ᠪᠡᠯᠡ ᠮᠥᠩᠭᠦ ᠬᠠᠩᠭᠠᠬᠤ ᠶᠢᠨ ᠬᠠᠮᠲᠤ᠂ ᠶᠡᠭᠡ ᠬᠡᠮᠵᠢᠶᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠲᠠᠲᠠᠵᠤ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠤ᠂ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠯᠠ ᠮᠥᠩᠭᠦ ᠶᠢ ᠬᠡᠷᠡᠭᠵᠢᠬᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠠᠯᠠ ᠮᠥᠩᠭᠦ ᠶᠢᠨ ᠨᠠᠶᠢᠳᠠᠯᠭ᠎ᠠ ᠬᠦᠯᠢᠶᠡᠭᠰᠡᠨ ᠪᠠᠶᠢᠭᠤᠯᠤᠮᠵᠢ ᠶᠢ ᠲᠥᠷᠥᠯ ᠵᠦᠢᠯ ᠤᠨ ᠡᠵᠡᠩᠨᠡᠯᠲᠡ ᠳᠤ ᠴᠢᠩᠭ᠎ᠠ ᠬᠠᠮᠢᠶᠠᠷᠤᠯᠲᠠ ᠶᠠᠪᠤᠭᠤᠯᠵᠤ᠂ ᠪᠠᠯᠠ ᠣᠷᠣᠭᠤᠯᠤᠯᠲᠠ ᠶᠢᠨ ᠭᠤᠤᠯ ᠴᠣᠭᠴᠠ ᠶᠢ ᠱᠠᠯᠠᠪᠳᠠᠭᠤᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠴᠣᠬᠤᠯᠠᠪᠤᠷᠢᠯᠠᠭᠰᠠᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠪᠣᠭᠤᠮᠲᠠ ᠶᠢ ᠴᠢᠩᠭ᠎ᠠ ᠰᠠᠬᠢᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号