ᠰᠠᠭᠠᠯᠢ ᠶᠢᠨ ᠢᠮᠠᠭ᠎ᠠ ᠶᠢ ᠲᠡᠵᠢᠭᠡᠬᠦ ᠳᠤ ᠠᠩᠬᠠᠷᠬᠤ ᠪᠠ ᠴᠡᠭᠡᠷᠯᠡᠬᠦ ᠴᠢᠬᠤᠯᠠᠲᠠᠢ ᠵᠦᠢᠯ
ᠨᠡᠶᠢᠲᠡᠯᠡᠭᠰᠡᠨ ᠴᠠᠭ᠄
2024/9/3
   1. ᠢᠮᠠᠭ᠎ᠠ ᠲᠡᠵᠢᠭᠡᠬᠦ ᠳᠤ ᠬᠦᠴᠦ ᠣᠷᠣᠭᠤᠯᠬᠤ ᠦᠭᠡᠢ   ᠣᠯᠠᠩᠬᠢ ᠢᠮᠠᠭ᠎ᠠ ᠲᠡᠵᠢᠭᠡᠬᠦ ᠡᠷᠦᠬᠡ ᠠᠮᠠᠷ ᠢ ᠪᠣᠳᠣᠵᠤ᠂ ᠡᠪᠡᠰᠦ ᠪᠤᠶᠤ ᠡᠰᠢ ᠰᠦᠷᠡᠯ ᠢ ᠪᠦᠬᠦᠯᠢ ᠢᠶᠠᠷ ᠰᠢᠭᠤᠳ ᠬᠠᠰᠢᠶ᠎ᠠ ᠬᠤᠷᠤᠭᠠᠨ ᠳᠤᠨᠢ ᠬᠠᠶᠠᠵᠤ ᠲᠡᠵᠢᠭᠡᠨ᠂ ᠴᠢᠨᠠᠭᠰᠢᠯᠠᠪᠠᠯ ᠨᠠᠷᠢᠯᠢᠭ ᠪᠣᠷᠳᠤᠭ᠎ᠠ ᠪᠤᠶᠤ ᠡᠷᠦᠳᠡᠰᠦ ᠪᠣᠳᠠᠰ᠂ ᠨᠡᠮᠡᠯᠲᠡ ᠡᠳ᠋ ᠨᠡᠮᠡᠵᠦ ᠲᠡᠵᠢᠭᠡᠬᠦ ᠦᠭᠡᠢ ᠪᠠᠶᠢᠳᠠᠭ᠃ 2. ᠬᠢᠵᠢᠭ ᠰᠡᠷᠭᠡᠶᠢᠯᠡᠬᠦ ᠪᠠ ᠬᠤᠷᠣᠬᠠᠢ ᠲᠠᠭᠤᠬᠤ ᠦᠭᠡᠢ   ᠣᠯᠠᠩᠬᠢ ᠢᠮᠠᠭ᠎ᠠ ᠲᠡᠵᠢᠭᠡᠬᠦ ᠡᠷᠦᠬᠡ ᠨᠢ ᠢᠮᠠᠭ᠎ᠠ ᠶᠢ ᠠᠮᠠᠷᠬᠠᠨ ᠭᠡᠮᠨᠡᠬᠦ ᠦᠭᠡᠢ᠂ ᠰᠡᠷᠭᠡᠶᠢᠯᠡᠯᠲᠡ ᠶᠢᠨ ᠲᠠᠷᠢᠯᠭ᠎ᠠ ᠬᠢᠬᠦ ᠴᠢᠬᠤᠯᠠ ᠦᠭᠡᠢ᠂ ᠬᠤᠷᠣᠬᠠᠢ ᠲᠠᠭᠤᠬᠤ ᠨᠢ ᠨᠡᠩ ᠴᠦ ᠨᠢᠭᠡ ᠵᠦᠢᠯ ᠤᠨ ᠢᠯᠡᠭᠦᠴᠡ ᠬᠡᠷᠡᠭ᠂ ᠵᠣᠭᠤᠰ ᠢ ᠲᠠᠯᠠᠭᠠᠷ ᠪᠦᠷᠢᠯᠭᠡᠵᠦ ᠪᠠᠶᠢᠬᠤ ᠬᠡᠷᠡᠭ ᠭᠡᠵᠦ ᠦᠵᠡᠭᠡᠳ᠂ ᠬᠠᠷᠢᠨ ᠬᠠᠯᠳᠠᠪᠤᠷᠢᠲᠦ ᠭᠡᠮ᠂ ᠮᠦᠯᠵᠢᠭᠦᠷ ᠬᠤᠷᠣᠬᠠᠢ ᠶᠢᠨ ᠭᠡᠮ ᠤᠨ ᠢᠮᠠᠭ᠎ᠠ ᠲᠡᠵᠢᠭᠡᠬᠦ ᠦᠢᠯᠡᠰ ᠲᠠᠬᠢ ᠬᠠᠮᠤᠭ ᠤᠨ ᠶᠡᠭᠡ ᠬᠤᠤᠷ ᠬᠦᠨᠦᠭᠡᠯ ᠢ ᠮᠡᠳᠡᠬᠦ ᠦᠭᠡᠢ ᠪᠠᠶᠢᠳᠠᠭ᠃ 3. ᠣᠶᠢᠷ᠎ᠠ ᠲᠥᠷᠥᠯ ᠢᠶᠠᠷ ᠬᠡᠭᠡᠯᠲᠦᠬᠦ   ᠢᠮᠠᠭ᠎ᠠ ᠶᠢ ᠦᠷᠡᠵᠢᠭᠦᠯᠬᠦ ᠳᠡᠭᠡᠷ᠎ᠡ ᠣᠯᠠᠩᠬᠢ ᠬᠥᠮᠥᠰ ᠳᠦᠭᠦᠮ ᠢ ᠪᠣᠳᠣᠵᠤ᠂ ᠤᠬᠤᠨ᠎ᠠ ᠶᠢ ᠰᠣᠩᠭᠤᠬᠤ ᠦᠭᠡᠢ᠂ ᠳᠣᠷ᠎ᠠ ᠪᠠᠷ ᠬᠡᠭᠡᠯᠲᠦᠭᠦᠯᠦᠭᠰᠡᠨ ᠠᠴᠠ ᠣᠶᠢᠷ᠎ᠠ ᠲᠦᠷᠦᠯ ᠢᠶᠠᠷ ᠬᠡᠭᠡᠯᠳᠦᠵᠦ᠂ ᠡᠭᠦᠯᠳᠡᠷ ᠳᠤᠷᠦ᠋ᠢᠲᠠᠭᠠᠳ᠂ ᠦᠷᠡᠵᠢᠯ ᠤᠨ ᠴᠢᠳᠠᠪᠤᠷᠢ ᠳᠣᠷᠣᠭᠰᠢᠯᠠᠬᠤ ᠪᠠᠶᠢᠳᠠᠯ ᠢᠯᠡᠷᠡᠭᠰᠡᠨ ᠪᠠᠶᠢᠨ᠎ᠠ᠃ 4. ᠡᠷ᠎ᠡ ᠡᠮ᠎ᠡ ᠢᠮᠠᠭ᠎ᠠ ᠶᠢ ᠬᠠᠮᠳᠤ ᠲᠡᠵᠢᠭᠡᠬᠦ   ᠡᠷ᠎ᠡ ᠢᠮᠠᠭ᠎ᠠ ᠶᠢᠨ ᠪᠡᠯᠭᠡ ᠨᠢ ᠪᠣᠯᠪᠠᠰᠣᠷᠠᠭᠰᠠᠨ ᠤ ᠰᠡᠭᠦᠯᠡᠷ ᠵᠠᠪᠠᠯ ᠡᠮ᠎ᠡ ᠢᠮᠠᠭ᠎ᠠ ᠠᠴᠠ ᠰᠠᠯᠭᠠᠵᠦ ᠲᠡᠵᠢᠭᠡᠬᠦ ᠬᠡᠷᠡᠭᠲᠡᠢ᠃ 5. ᠢᠰᠢᠭᠡ ᠶᠢ ᠰᠦ ᠠᠴᠠ ᠨᠢ ᠬᠡᠳᠦ ᠡᠷᠲᠡ ᠰᠠᠯᠭᠠᠬᠤ   ᠢᠰᠢᠭᠡ ᠶᠢ ᠰᠦ ᠠᠴᠠ ᠨᠢ ᠬᠡᠳᠦ ᠡᠷᠲᠡ ᠰᠠᠯᠭᠠᠪᠠᠯ᠂ ᠦᠰᠦᠯᠲᠡ ᠪᠤᠶᠢᠵᠢᠯᠲᠠ ᠶᠢ ᠨᠢ ᠨᠦᠯᠦᠭᠡᠯᠡᠵᠦ᠂ ᠴᠢᠨᠠᠭᠰᠢᠯᠠᠪᠠᠯ ᠦᠬᠦᠵᠦ ᠮᠡᠳᠡᠨ᠎ᠡ᠃ 6. ᠨᠠᠷᠢᠯᠢᠭ ᠪᠣᠷᠳᠤᠭ᠎ᠠ ᠪᠠᠷ ᠬᠡᠲᠦᠷᠡᠲᠡᠯ᠎ᠡ ᠲᠡᠵᠢᠭᠡᠬᠦ ᠪᠠ ᠲᠡᠵᠢᠭᠡᠯ ᠪᠣᠷᠳᠤᠭ᠎ᠠ ᠶᠢ ᠭᠡᠨᠡᠳᠲᠡ ᠰᠤᠯᠢᠬᠤ   ᠲᠡᠵᠢᠭᠡᠬᠦ ᠡᠷᠦᠬᠡ ᠠᠴᠠ ᠢᠮᠠᠭ᠎ᠠ ᠶᠢᠨ ᠰᠦᠨ ᠭᠠᠷᠤᠯᠲᠠ ᠪᠤᠶᠤ ᠦᠰᠦᠯᠲᠡ ᠶᠢ ᠲᠦᠷᠭᠡᠳᠭᠡᠬᠦ ᠶᠢᠨ ᠲᠥᠯᠥᠭᠡ᠂ ᠨᠢᠭᠡ ᠯᠠ ᠬᠡᠪ ᠢᠶᠠᠷ ᠨᠠᠷᠢᠯᠢᠭ ᠪᠣᠷᠳᠤᠭ᠎ᠠ ᠪᠠᠷ ᠲᠡᠵᠢᠭᠡᠪᠡᠯ ᠢᠮᠠᠭ᠎ᠠ ᠶᠢᠨ ᠭᠦᠵᠡᠭᠡ ᠬᠥᠭᠡᠭᠡᠬᠦ ᠪᠤᠯᠤᠨ᠎ᠠ︔ ᠵᠠᠷᠢᠮ ᠲᠡᠵᠢᠭᠡᠬᠦ ᠡᠷᠦᠬᠡ ᠨᠢ ᠪᠠᠰᠠ ᠪᠣᠷᠳᠤᠭ᠎ᠠ ᠶᠢ ᠭᠡᠨᠡᠳᠲᠡ ᠰᠣᠯᠢᠵᠤ᠂ ᠬᠤᠳᠤᠭᠤᠳᠤ ᠭᠡᠳᠡᠰᠦ ᠶᠢ ᠡᠪ ᠦᠭᠡᠢ ᠪᠤᠯᠭᠠᠵᠦ ᠪᠤᠢ᠃ 7. ᠬᠠᠰᠢᠶ᠎ᠠ ᠬᠤᠷᠤᠭ᠎ᠠ ᠶᠢ ᠴᠢᠩᠭ᠎ᠠ ᠠᠷᠢᠭᠤᠳᠬᠠᠬᠤ ᠦᠭᠡᠢ   ᠬᠠᠰᠢᠶ᠎ᠠ ᠬᠤᠷᠤᠭ᠎ᠠ ᠨᠢ ᠴᠢᠬᠢᠭ ᠶᠡᠭᠡ᠂ ᠰᠠᠯᠬᠢ ᠨᠡᠪᠲᠡᠷᠡᠯᠲᠡ ᠮᠠᠭᠤ ᠦᠶᠡᠰ ᠬᠡᠷᠪᠡ ᠲᠤᠭᠲᠠᠮᠠᠯ ᠬᠤᠭᠤᠴᠠᠭ᠎ᠠ ᠪᠠᠷ ᠠᠷᠢᠭᠤᠳᠬᠠᠬᠤ ᠦᠭᠡᠢ ᠪᠣᠯ ᠢᠮᠠᠭ᠎ᠠ ᠨᠢ ᠲᠤᠩ ᠠᠮᠠᠷᠬᠠᠨ ᠪᠠᠭᠠᠰᠤ ᠠᠯᠳᠠᠵᠦ᠂ ᠬᠠᠮᠠᠭᠤ᠂ ᠲᠤᠭᠤᠷᠠᠢ ᠢᠯᠵᠠᠷᠠᠬᠤ ᠭᠡᠮ ᠳᠤ ᠨᠡᠷᠪᠡᠭᠳᠡᠭᠡᠳ᠂ ᠬᠠᠯᠳᠠᠪᠤᠷᠢᠲᠦ ᠭᠡᠮ ᠢ ᠬᠢᠵᠠᠭᠠᠷᠯᠠᠬᠤ ᠳᠤ ᠬᠦᠴᠢᠷ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号