ᠮᠠᠨ ᠤ ᠣᠷᠣᠨ ᠵᠦᠩ ᠵᠧᠩ ᠲᠠᠪᠴᠠᠩ ᠤᠨ ᠪᠡᠯᠡ ᠲᠣᠬᠢᠷᠠᠭᠤᠯᠭ᠎ᠠ ᠶᠢ ᠠᠬᠢᠭᠤᠯᠬᠤ ᠦᠢᠯᠡᠳᠦᠯ ᠢ ᠢᠳᠡᠪᠬᠢᠲᠡᠶ ᠪᠠᠳᠠᠷᠠᠭᠤᠯᠵᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/9/30
   ᠮᠠᠨ ᠤ ᠣᠷᠣᠨ ᠵᠦᠩ ᠵᠧᠩ ᠲᠠᠪᠴᠠᠩ ᠤᠨ ᠪᠡᠯᠡ ᠲᠣᠬᠢᠷᠠᠭᠤᠯᠭ᠎ᠠ ᠶᠢ ᠠᠬᠢᠭᠤᠯᠬᠤ ᠦᠢᠯᠡᠳᠦᠯ ᠢ ᠢᠳᠡᠪᠬᠢᠲᠡᠶ ᠪᠠᠳᠠᠷᠠᠭᠤᠯᠵᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ ᠵᠦᠩ ᠵᠧᠩ ᠲᠠᠪᠴᠠᠩ ᠨᠢ ᠤᠯᠤᠰ ᠤᠨ ᠮᠥᠩᠭᠦᠨ ᠭᠦᠢᠯᠭᠡᠭᠡᠨ ᠤ ᠰᠠᠭᠤᠷᠢ ᠪᠡᠯᠡᠳᠭᠡᠮᠵᠢ ᠪᠣᠯᠤᠭᠰᠠᠨ ᠤ ᠬᠤᠪᠢ ᠳᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠤᠷᠢᠶᠠᠪᠠᠰᠤ ᠵᠣᠬᠢᠬᠤ ᠳᠠᠩᠰᠠᠨ ᠤ ᠵᠣᠭᠤᠰ ᠢ ᠠᠮᠢᠯᠠᠭᠤᠯᠬᠤ ᠳᠤ ᠪᠦᠲᠦᠮᠵᠢᠲᠡᠢ ᠠᠷᠭ᠎ᠠ ᠵᠠᠮ ᠬᠠᠩᠭᠠᠵᠠᠢ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠪᠠᠯᠠ ᠲᠣᠬᠢᠷᠠᠭᠤᠯᠬᠤ ᠦᠢᠯᠡᠴᠢᠯᠡᠭᠡᠨ ᠤ ᠲᠠᠪᠴᠠᠩ ᠤᠨ ᠬᠡᠷᠡᠭᠯᠡᠭᠴᠢ ᠨᠡᠶᠢᠲᠡ 10094 ᠪᠠᠶᠢᠵᠤ᠂ 8939 ᠬᠤᠪᠢ ᠪᠠᠯᠠ ᠲᠣᠬᠢᠷᠠᠭᠤᠯᠬᠤ ᠠᠷᠠᠯᠵᠢᠶ᠎ᠠ ᠶᠢ ᠠᠬᠢᠭᠤᠯᠵᠤ᠂ ᠪᠠᠯᠠ ᠲᠣᠬᠢᠷᠠᠭᠤᠯᠤᠭᠰᠠᠨ ᠵᠣᠭᠤᠰ ᠤᠨ ᠲᠤᠭ᠎ᠠ ᠨᠢ 3079.72 ᠳ᠋ᠦᠩᠰᠢᠭᠤᠷ ᠲᠥᠭᠦᠷᠢᠭ ᠲᠤ ᠬᠦᠷᠴᠡᠶ︔ ᠡᠭᠦᠨ ᠳᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ 5682 ᠬᠤᠪᠢ ᠪᠠᠯᠠ ᠲᠣᠬᠢᠷᠠᠭᠤᠯᠬᠤ ᠶᠢ ᠳᠡᠮᠵᠢᠵᠦ᠂ ᠵᠣᠭᠤᠰ ᠤᠨ ᠲᠤᠭ᠎ᠠ ᠨᠢ 2435.92 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠲᠣᠰ 63.56%᠂ 79.1% ᠶᠢ ᠡᠵᠡᠯᠡᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠠᠷᠭ᠎ᠠ ᠵᠠᠮ ᠢ ᠪᠦᠲᠦᠮᠵᠢᠲᠡᠶ ᠥᠷᠭᠡᠳᠬᠡᠪᠡ᠃ ︵ᠳᠤᠮᠳᠠᠳᠤ ᠤᠯᠤᠰ ᠤᠨ ᠠᠷᠠᠳ ᠤᠨ ᠪᠠᠩᠬᠢ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号