ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠦᠷᠡᠭᠳᠡᠭᠰᠡᠨ ᠪᠠᠭᠠᠲᠤᠷᠴᠤᠳ ᠢ ᠰᠠᠶᠢᠰᠢᠶᠠᠬᠤ ᠲᠦᠷᠢᠮ︾ ᠳᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/9/30
   ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 29 ᠤ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠦᠷᠡᠭᠳᠡᠭᠰᠡᠨ ᠪᠠᠭᠠᠲᠤᠷᠴᠤᠳ ᠢ  ᠰᠠᠶᠢᠰᠢᠶᠠᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠲᠦᠷᠢᠮ︾ ᠨᠡᠶᠢᠲᠡ 8 ᠪᠦᠯᠦᠭ 70 ᠵᠦᠢᠯ ᠪᠠᠶᠢᠵᠤ᠂ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠭᠤᠣᠯ ᠠᠭᠤᠯᠭ᠎ᠠ ᠨᠢ ᠳᠣᠣᠷᠠᠬᠢ ᠮᠡᠲᠦ᠄    ᠨᠢᠭᠡ ᠳᠤ ᠠᠵᠢᠯ ᠤᠨ ᠵᠠᠷᠴᠢᠮ ᠢ ᠤᠯᠠᠮ ᠨᠢᠭᠡ ᠠᠯᠬᠤᠮ ᠲᠣᠳᠣᠷᠬᠠᠶᠢᠯᠠᠨ᠎ᠠ᠃ ᠦᠷᠡᠭᠳᠡᠭᠰᠡᠨ ᠪᠠᠭᠠᠲᠤᠷᠴᠤᠳ ᠢ ᠰᠠᠶᠢᠰᠢᠶᠠᠨ ᠬᠥᠬᠢᠭᠦᠯᠬᠦ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ ᠭᠡᠵᠦ ᠲᠣᠭᠲᠠᠭᠠᠵᠠᠢ︔ ᠤᠯᠤᠰ ᠠᠴᠠ ᠦᠷᠡᠭᠳᠡᠭᠰᠡᠨ ᠪᠠᠭᠠᠲᠤᠷᠴᠤᠳ ᠢ ᠰᠠᠶᠢᠰᠢᠶᠠᠨ ᠬᠥᠬᠢᠭᠦᠯᠵᠦ᠂ ᠳᠤᠷᠠᠰᠬᠠᠬᠤ ᠪᠠ ᠬᠠᠮᠠᠭᠠᠯᠠᠵᠤ ᠂ ᠦᠷᠡᠭᠳᠡᠭᠰᠡᠨ ᠪᠠᠭᠠᠲᠤᠷᠴᠤᠳ ᠤᠨ ᠨᠡᠷ᠎ᠡ ᠬᠦᠨᠳᠦ ᠢᠷᠠᠭᠤ ᠠᠯᠳᠠᠷ ᠢ ᠬᠠᠮᠠᠭᠠᠯᠠᠵᠤ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠦᠷᠡᠭᠳᠡᠭᠰᠡᠨ ᠪᠠᠭᠠᠲᠤᠷᠴᠤᠳ ᠤᠨ ᠦᠢᠯᠡ ᠠᠵᠢᠯᠯᠠᠭ᠎ᠠ ᠪᠠ ᠵᠣᠷᠢᠭ ᠰᠠᠨᠠᠭ᠎ᠠ ᠶᠢ ᠤᠬᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠤᠨ᠎ᠠ᠃    ᠬᠤᠶᠠᠷ ᠲᠤ ᠦᠷᠡᠭᠳᠡᠭᠰᠡᠨ ᠪᠠᠭᠠᠲᠤᠷᠴᠤᠳ ᠢ ᠦᠨᠡᠯᠡᠨ ᠲᠣᠭᠲᠠᠭᠠᠬᠤ ᠨᠥᠬᠦᠴᠡᠯ ᠪᠠ ᠵᠢᠷᠤᠮ ᠢ ᠲᠡᠭᠦᠯᠳᠡᠷᠵᠢᠭᠦᠯᠦᠨ᠎ᠡ᠃ ᠦᠷᠡᠭᠳᠡᠭᠰᠡᠨ ᠪᠠᠭᠠᠲᠤᠷᠴᠤᠳ ᠢ ᠦᠨᠡᠯᠡᠨ ᠲᠣᠭᠲᠠᠭᠠᠬᠤ ᠪᠠᠶᠢᠳᠠᠯ ᠢ ᠨᠥᠬᠦᠪᠥᠷᠢᠯᠡᠵᠦ᠂ ᠦᠨᠡᠯᠡᠨ ᠲᠣᠭᠲᠠᠭᠠᠭᠰᠠᠨ ᠤ ᠳᠠᠷᠠᠭᠠᠬᠢ ᠳᠠᠬᠢᠨ ᠬᠢᠨᠠᠬᠤ ᠵᠢᠷᠤᠮ ᠢ ᠲᠡᠭᠦᠯᠳᠡᠷᠵᠢᠭᠦᠯᠬᠦ ᠶᠢᠨ ᠬᠠᠮᠲᠤ ᠮᠡᠳᠡᠭᠡ ᠵᠠᠩᠭᠢ ᠶᠢᠨ ᠮᠡᠳᠡᠭᠡᠯᠡᠯ ᠢ ᠴᠢᠩᠭᠠᠳᠬᠠᠨ᠎ᠠ᠃    ᠭᠤᠷᠪᠠ ᠳᠤ᠂ ᠠᠰᠠᠷᠠᠮᠵᠢ ᠬᠠᠷᠠᠭᠠᠯᠵᠠᠯ ᠪᠠ ᠦᠢᠯᠡᠴᠢᠯᠡᠭᠡᠨ ᠤ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠨᠢᠭᠡ ᠯᠡ ᠤᠳᠠᠭ᠎ᠠ ᠶᠢᠨ ᠴᠢᠨᠠᠷᠲᠠᠢ ᠠᠰᠠᠷᠠᠮᠵᠢ ᠶᠢᠨ ᠮᠥᠩᠭᠦ ᠣᠯᠭᠤᠬᠤ ᠠᠷᠭ᠎ᠠ ᠵᠠᠮ ᠢ ᠲᠣᠳᠣᠷᠬᠠᠶᠢᠯᠠᠬᠤ ᠶᠢᠨ ᠬᠠᠮᠲᠤ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠲᠤ ᠲᠣᠭᠲᠠᠮᠠᠯ ᠬᠤᠭᠤᠴᠠᠭ᠎ᠠ ᠲᠠᠢ ᠪᠠᠷ ᠠᠮᠢᠳᠤᠷᠠᠯ ᠤᠨ ᠨᠥᠬᠦᠪᠥᠷᠢ ᠣᠯᠭᠤᠨ᠎ᠠ᠃ ᠬᠥᠳᠡᠯᠦᠩᠭᠦᠢ ᠪᠠᠷ ᠣᠨᠣᠪᠴᠢᠲᠠᠢ ᠬᠠᠮᠢᠶᠠᠷᠬᠤ ᠶᠢ ᠬᠡᠷᠡᠭᠵᠢᠭᠦᠯᠵᠦ᠂ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠮᠥᠩᠭᠦ᠂ ᠲᠤᠰᠠᠯᠠᠮᠵᠢ ᠬᠦᠷᠲᠡᠬᠦ ᠡᠲᠡᠭᠡᠳ ᠢ ᠨᠤᠲᠠᠯᠠᠨ ᠲᠣᠭᠲᠠᠭᠠᠬᠤ ᠬᠡᠷᠡᠭᠲᠡᠢ᠃ ᠢᠷᠠᠭᠤ ᠠᠯᠳᠠᠷ ᠢᠶᠠᠷ ᠤᠷᠮᠠᠰᠢᠭᠤᠯᠬᠤ ᠪᠠ ᠬᠠᠷᠠᠭᠠᠯᠵᠠᠵᠤ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃    ᠳᠥᠷᠪᠡ ᠳᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠢᠴᠡᠷ ᠤᠨ ᠲᠤᠰᠢᠶᠠᠯ ᠬᠠᠷᠢᠭᠤᠴᠠᠯᠭ᠎ᠠ ᠶᠢ ᠨᠡᠮᠡᠨ ᠲᠣᠭᠲᠠᠭᠠᠵᠤ᠃ ᠬᠠᠮᠠᠭᠠᠯᠠᠬᠤ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠬᠤ ᠱᠠᠭᠠᠷᠳᠠᠯᠭ᠎ᠠ ᠶᠢ ᠨᠠᠷᠢᠯᠢᠭᠵᠢᠭᠤᠯᠤᠨ᠂ ᠲᠥᠷᠥᠯ ᠢᠯᠭᠠᠯ᠂ ᠬᠡᠪᠴᠢᠶ᠎ᠡ᠂ ᠬᠠᠮᠠᠭᠠᠯᠠᠯᠲᠠ ᠶᠢᠨ ᠵᠡᠷᠭᠡ ᠳᠡᠰ ᠵᠢᠴᠢ ᠣᠶᠢᠷ᠎ᠠ ᠬᠠᠪᠢ ᠶᠢᠨ ᠣᠷᠴᠢᠨ ᠲᠣᠭᠤᠷᠢᠨ ᠤ ᠪᠠᠶᠢᠳᠠᠯ ᠵᠡᠷᠭᠡ ᠶᠢ ᠦᠨᠳᠦᠰᠦᠯᠡᠨ ᠬᠠᠮᠠᠭᠠᠯᠠᠬᠤ ᠬᠦᠷᠢᠶ᠎ᠡ ᠬᠡᠪᠴᠢᠶ᠎ᠡ ᠶᠢ ᠲᠣᠭᠲᠠᠭᠠᠨ᠎ᠠ᠃ ᠬᠠᠮᠠᠭᠠᠯᠠᠯᠲᠠ ᠶᠢᠨ ᠬᠡᠪᠴᠢᠭᠡᠨ ᠤ ᠳᠣᠲᠣᠷᠠᠬᠢ ᠭᠠᠵᠠᠷ ᠰᠢᠷᠣᠢ ᠪᠠ ᠲᠥᠬᠦᠭᠡᠷᠦᠮᠵᠢ ᠶᠢ ᠡᠵᠡᠯᠡᠬᠦ᠂ ᠡᠷᠭᠢᠨ ᠲᠣᠭᠤᠷᠢᠨ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠬᠦ ᠶᠢ ᠬᠢᠵᠠᠭᠠᠷᠯᠠᠬᠤ ᠲᠣᠭᠲᠠᠭᠠᠯ ᠵᠡᠷᠭᠡ ᠶᠢ ᠨᠡᠮᠡᠭᠳᠡᠭᠦᠯᠵᠦ ᠪᠣᠯᠬᠤ ‍ᠦᠭᠡᠢ᠃  ᠲᠠᠪᠤ ᠳᠤ᠂ ᠤᠬᠠᠭᠤᠯᠤᠨ ᠪᠠᠳᠠᠷᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠦᠷᠡᠭᠳᠡᠭᠰᠡᠨ ᠪᠠᠭᠠᠲᠤᠷᠴᠤᠳ ᠤᠨ ᠦᠢᠯᠡ ᠠᠵᠢᠯᠯᠠᠭ᠎ᠠ ᠪᠣᠯᠤᠨ ᠵᠣᠷᠢᠭ ᠰᠠᠨᠠᠭᠠᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠷᠡᠭᠳᠡᠭᠰᠡᠨ ᠪᠠᠭᠠᠲᠤᠷᠴᠤᠳ ᠤᠨ ᠲᠠᠬᠢᠯᠭ᠎ᠠ ᠶᠢᠨ ᠳᠦᠷᠢᠮ ᠪᠣᠯᠤᠨ ᠶᠣᠰᠣᠯᠠᠯ ᠤᠨ ᠵᠢᠷᠤᠮᠵᠢᠯ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号