ᠨᠡᠶᠢᠳᠡᠮ ᠬᠡᠷᠡᠭᠯᠡᠬᠦ ᠦᠭᠡ ᠬᠡᠯᠡᠨ ᠤ ᠦᠵᠡᠭᠦᠯᠭᠡ ᠦᠨᠳᠦᠰᠦᠲᠡᠨ ᠤ ᠪᠦᠯᠬᠦᠮᠳᠡᠯ ᠢ ᠨᠢᠬᠳᠠᠷᠠᠭᠤᠯᠤᠨ᠎ᠠ
ᠨᠡᠶᠢᠲᠡᠯᠡᠭᠰᠡᠨ ᠴᠠᠭ᠄
2024/9/9
   ᠠᠯᠲᠠᠨ ᠨᠠᠮᠤᠷ ᠤᠨ ᠦᠨᠦᠷ ᠬᠠᠩᠬᠤᠯᠬᠤ ᠤᠯᠠᠷᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯᠲᠠᠨ ᠠᠵᠢᠯᠴᠢᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠤᠷ᠎ᠠ ᠮᠡᠷᠭᠡᠵᠢᠯ ᠤᠨ ᠤᠷᠤᠯᠳᠤᠭᠠᠨ ᠨᠢ ᠶᠠᠭ ᠯᠠ ᠰᠢᠨ᠎ᠡ ᠰᠣᠷᠭᠤᠭ ᠰᠣᠶᠣᠯ ᠤᠨ ᠰᠤᠷᠲᠠᠯ ᠰᠢᠭ᠋ ᠡᠨᠡᠬᠦ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠭᠠᠵᠠᠷ ᠰᠢᠷᠣᠢ ᠶᠢ ᠢᠯᠪᠢᠵᠦ ᠪᠠᠶᠢᠪᠠ᠃    9 ᠰᠠᠷ᠎ᠠ ᠶᠢᠨ 8 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠠᠴᠠ ᠬᠠᠮᠲᠤᠷᠠᠨ ᠡᠷᠬᠢᠯᠡᠵᠦ ᠂ ᠪᠠᠶᠠᠨᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠳᠠᠭᠠᠭᠠᠴᠢᠯᠠᠨ ᠡᠷᠬᠢᠯᠡᠭᠰᠡᠨ ᠪᠦᠬᠦ ᠬᠤᠰᠢᠭᠤᠨ ᠤ ᠠᠵᠢᠯᠲᠠᠨ ᠠᠵᠢᠯᠴᠢᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠮᠡᠷᠭᠡᠵᠢᠯ ᠤᠨ ᠤᠷᠤᠯᠳᠤᠭᠠᠨ ᠪᠠᠶᠠᠨᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠪᠦᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠢᠷᠡᠭᠰᠡᠨ 198 ᠣᠷᠣᠯᠴᠠᠭᠴᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠶᠢᠷ᠎ᠠ ᠰᠡᠳᠬᠢᠯᠭᠡ ᠶᠢ ᠡᠪᠦᠷᠯᠡᠨ᠂ ᠠᠳᠡ ᠴᠤᠭᠯᠠᠷᠠᠪᠠ᠃ ᠲᠡᠳᠡ ᠠᠳᠠ ᠨᠢᠭᠡ ᠤᠳᠠᠭᠠᠨ ᠤ ᠬᠤᠷᠴᠠ ᠰᠢᠷᠦᠭᠦᠨ ᠥᠷᠢᠰᠥᠯᠳᠦᠭᠡᠨ ᠢ ᠥᠷᠨᠢᠭᠦᠯᠵᠦ᠂ ᠳᠤᠮᠳᠠᠳᠤ ᠶᠢᠨ ᠦᠰᠦᠭ ᠪᠢᠴᠢᠭ ᠤᠨ ᠷᠢᠳᠢ ᠰᠢᠳᠢ ᠶᠢ ᠪᠢᠷ ᠪᠡᠬᠡᠰ ᠢᠶᠠᠷ ᠪᠢᠴᠢᠭᠯᠡᠵᠦ᠂ ᠳᠠᠭᠤᠨ ᠢᠶᠠᠷ ᠦᠨᠳᠦᠰᠦᠲᠡᠨ ᠤ ᠰᠣᠶᠣᠯ ᠤᠨ ᠷᠢᠳᠢ ᠰᠢᠳᠢ ᠶᠢ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠰᠦᠷ ᠳᠠᠯᠠᠶᠢᠴᠠᠲᠠᠢ ᠬᠥᠭᠵᠢᠮ ᠢ ᠬᠥᠭᠵᠢᠮᠳᠡᠪᠡ᠃    ᠥᠷᠯᠥᠭᠡ᠂ ᠨᠠᠷᠠᠨ ᠤ ᠭᠡᠷᠡᠯ ᠪᠠᠶᠠᠨᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠦᠷᠢᠶᠡᠨ ᠳᠤ ᠲᠤᠰᠴᠤ᠂ ᠤᠯᠠᠨ ᠴᠢᠳᠠᠪᠬᠢᠳᠦ ᠮᠡᠳᠡᠭᠦᠯᠦᠯᠲᠡ ᠶᠢᠨ ᠲᠢᠩᠬᠢᠮ ᠳᠤ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠤᠷᠤᠯᠳᠤᠭᠠᠨ ᠳᠤ ᠣᠷᠣᠯᠴᠠᠭᠰᠠᠳ ᠡᠷᠲᠡ ᠲᠤᠬᠠᠢ ᠶᠢᠨ ᠲᠠᠯᠠᠪᠠᠢ ᠳᠤ ᠢᠷᠡᠵᠦ᠂ ᠪᠠᠴᠢᠮ ᠪᠥᠭᠡᠳ ᠪᠠᠶᠠᠷᠯᠠᠨ ᠳᠣᠭᠳᠣᠯᠤᠭᠰᠠᠨ ᠰᠡᠳᠬᠢᠯᠭᠡ ᠪᠠᠷ ᠡᠮᠬᠢ ᠵᠢᠷᠤᠮ ᠲᠠᠢ ᠪᠠᠷ ᠰᠢᠪᠠᠭ᠎ᠠ ᠰᠤᠭᠤᠯᠬᠤ ᠪᠠ ᠭᠠᠷ ᠤᠨ ᠦᠰᠦᠭ ᠵᠢᠷᠤᠬᠤ ᠬᠦᠰᠦᠨᠦᠭ ᠲᠠᠭᠯᠠᠵᠤ᠂ ᠨᠣᠮᠧᠷ ᠢᠶᠠᠨ ᠨᠠᠭᠠᠵᠤ ᠨᠠᠭᠠᠵᠤ᠂ ᠤᠳᠠᠯ ᠦᠭᠡᠢ ᠡᠬᠢᠯᠡᠬᠦ ᠭᠡᠵᠦ ᠪᠠᠶᠢᠭ᠎ᠠ ᠤᠷᠤᠯᠳᠤᠭᠠᠨ ᠳᠤ ᠪᠡᠯᠡᠳᠬᠡᠯ ᠬᠢᠵᠦ᠂ ᠲᠠᠮᠢᠷᠴᠢᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠲᠡᠭᠦᠯᠳᠡᠷ᠂ ᠢᠲᠡᠭᠡᠯ ᠲᠡᠭᠦᠯᠳᠡᠷ ᠪᠠᠶᠢᠯ᠎ᠠ᠃ ᠲᠤᠰ ᠤᠳᠠᠭᠠᠨ ᠤ ᠤᠷᠤᠯᠳᠤᠭᠠᠨ ᠢ ᠠᠩᠬᠠᠨ ᠤ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠤ ᠬᠤᠶᠠᠷ ᠭᠤᠭᠴᠤᠭ᠎ᠠ ᠬᠤᠪᠢᠶᠠᠵᠤ᠂ ᠬᠠᠲᠠᠭᠤ ᠪᠢᠷ ᠤᠨ ᠪᠢᠴᠢᠯᠭᠡ ᠪᠠ ᠨᠡᠶᠢᠲᠡᠯᠢᠭ ᠬᠡᠯᠡᠨ ᠤ ᠤᠩᠰᠢᠯᠭ᠎ᠠ ᠶᠢᠨ ᠬᠤᠶᠠᠷ ᠠᠭᠤᠯᠭ᠎ᠠ ᠶᠢ ᠬᠠᠮᠤᠷᠴᠠᠢ᠃    ᠠᠩᠬᠠᠨ ᠤ ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠪᠠᠴᠢᠮ ᠪᠥᠭᠡᠳ ᠡᠮᠬᠢ ᠵᠢᠷᠤᠮ ᠲᠠᠢ ᠶᠠᠪᠤᠭᠳᠠᠵᠤ᠂ 198 ᠣᠷᠣᠯᠴᠠᠭᠴᠢ ᠪᠦᠬᠦ ᠠᠩᠬᠠᠷᠤᠯ ᠢᠶᠠᠨ ᠲᠥᠪᠯᠡᠷᠡᠭᠦᠯᠦᠨ ᠤᠷᠤᠯᠳᠤᠭᠠᠨ ᠤ ᠳᠦᠷᠢᠮ ᠢ ᠰᠣᠨᠣᠰᠴᠤ ᠪᠠᠶᠢᠯ᠎ᠠ᠃ ᠬᠠᠲᠠᠭᠤ ᠪᠢᠷ ᠢᠶᠠᠷ ᠪᠢᠴᠢᠬᠦ ᠦᠶ᠎ᠡ ᠳᠤ᠂ ᠲᠠᠮᠢᠷᠴᠢᠳ ᠨᠢᠭᠡ ᠨᠢᠭᠡ ᠠᠯᠬᠤᠮ ᠢᠶᠠᠷ ᠲᠣᠭᠲᠠᠭᠰᠠᠨ ᠠᠭᠤᠯᠭ᠎ᠠ ᠶᠢ ᠪᠢᠴᠢᠵᠦ ᠪᠠᠶᠢᠨ᠎ᠠ᠃ ᠲᠡᠳᠡᠨ ᠤ ᠦᠰᠦᠭ ᠤᠨ ᠲᠢᠭ ᠪᠤᠶᠤ ᠢᠳᠡ ᠬᠦᠴᠦᠲᠡᠢ᠂ ᠡᠰᠡᠬᠦᠯ᠎ᠡ ᠴᠢᠩ ᠰᠢᠤ ᠵᠢᠶᠦ᠋ᠨ ᠶᠥᠩ᠂ ᠯᠠᠪᠳᠠᠭᠤᠨ ᠪᠠᠲᠤᠲᠠᠢ ᠤᠷᠠᠨ ᠪᠢᠴᠢᠯᠭᠡ ᠶᠢᠨ ᠦᠨᠳᠦᠰᠦᠨ ᠵᠦᠢᠯ ᠢ ᠢᠯᠡᠷᠡᠭᠦᠯᠪᠡ᠃ ᠨᠡᠶᠢᠲᠡᠯᠢᠭ ᠬᠡᠯᠡᠨ ᠤ ᠤᠩᠰᠢᠯᠭ᠎ᠠ ᠶᠢᠨ ᠭᠤᠭᠴᠤᠭ᠎ᠠ ᠨᠢ ᠠᠳᠠᠯᠢᠬᠠᠨ ᠭᠤᠶᠢᠳᠠ ᠰᠠᠶᠢᠬᠠᠨ ᠪᠠᠶᠢᠵᠤ᠂ ᠲᠠᠮᠢᠷᠴᠢᠳ ᠳᠡᠰ ᠳᠠᠷᠠᠭ᠎ᠠ ᠲᠠᠢ ᠪᠠᠷ ᠲᠠᠶᠢᠰᠠᠨ ᠳᠤ ᠭᠠᠷᠴᠤ᠂ ᠤᠷᠠᠨ ᠤᠩᠰᠢᠯᠭ᠎ᠠ ᠶᠢᠨ ᠴᠠᠭ ᠨᠢ ᠲᠥᠪ ᠬᠥᠨᠳᠡᠢ ᠪᠠᠶᠢᠵᠤ᠂ ᠳᠠᠭᠤᠨ ᠤ ᠪᠠᠶᠢᠳᠠᠯ ᠨᠢ ᠢᠭᠴᠤ ᠢᠭᠴᠤ ᠰᠠᠬᠤᠯᠢᠭ ᠪᠠᠶᠢᠵᠤ᠂ ᠬᠠᠮᠤᠭ ᠤᠨ ᠭᠤᠶᠣ ᠳᠠᠭᠤᠨ ᠢᠶᠠᠷ ᠦᠰᠦᠭ ᠪᠢᠴᠢᠭ ᠤᠨ ᠷᠢᠳᠢ ᠰᠢᠳᠢ ᠶᠢ ᠭᠦᠢᠴᠡᠳ ᠢᠯᠡᠷᠡᠭᠦᠯᠪᠡ᠃ ᠲᠡᠳᠡᠨ ᠤ ᠳᠠᠭᠤᠨ ᠬᠠᠶᠠ ᠣᠷᠭᠢᠯᠤᠨ ᠪᠠᠳᠠᠷᠠᠵᠤ᠂ ᠪᠠᠶᠢᠨ ᠪᠠᠶᠢᠨ ᠡᠶᠡᠯᠳᠡᠭ ᠵᠥᠭᠡᠯᠡᠨ ᠴᠤᠤᠷᠢᠶᠠᠲᠤᠵᠤ᠂ ᠠᠶᠠᠯᠭᠤ ᠨᠢᠭᠡᠪᠦᠷᠢ᠂ ᠦᠭᠡ ᠪᠦᠷᠢ ᠶᠢᠨ ᠠᠶᠠᠰ ᠨᠢᠭᠡᠪᠦᠷᠢ ᠨᠢ ᠴᠥᠮ  ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠨ ᠬᠠᠶᠢᠷᠠᠯᠠᠬᠤ ᠪᠠ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠳᠠᠮᠵᠢᠭᠤᠯᠵᠤ ᠪᠠᠶᠢᠳᠠᠭ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号