ᠵᠢᠵᠢᠭ ᠰᠠᠪᠠ ᠭᠠᠵᠠᠷ ᠢ ᠵᠠᠰᠠᠵᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2024/9/9
   ᠣᠶᠢᠷ᠎ᠠ ᠶᠢᠨ ᠵᠢᠯ ᠠᠴᠠ᠂ ᠤᠰᠤᠨ ᠤ ᠠᠶᠤᠯ ᠢ ᠪᠦᠲᠦᠮᠵᠢᠲᠡᠢ ᠵᠠᠰᠠᠬᠤ᠂ ᠲᠠᠷᠢᠶᠠᠨ ᠭᠠᠵᠠᠷ ᠢ ᠬᠠᠮᠠᠭᠠᠯᠠᠬᠤ᠂ ᠬᠥᠷᠥᠰᠥ ᠰᠢᠷᠣᠢ ᠶᠢᠨ ᠢᠳᠡᠭᠳᠡᠯ ᠤᠨ ᠬᠡᠮᠵᠢᠶ᠎ᠡ ᠶᠢ ᠪᠠᠭᠠᠰᠬᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠭᠠᠵᠠᠷ ᠰᠢᠷᠣᠢ ᠶᠢᠨ ᠢᠳᠡᠭᠳᠡᠯ ᠤᠨ ᠭᠤᠤ ᠵᠢᠯᠠᠭ᠎ᠠ ᠶᠢ ᠶᠡᠷᠦᠩᠬᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠪᠠᠷ ᠳᠠᠮᠵᠢᠭᠤᠯᠵᠤ᠂ ᠪᠢᠲᠡᠭᠦᠮᠵᠢᠯᠡᠨ ᠪᠤᠶᠢᠵᠢᠭᠤᠯᠬᠤ᠂ ᠨᠠᠯᠠᠤ ᠲᠠᠯ᠎ᠠ ᠶᠢ ᠬᠠᠰᠢᠵᠤ ᠬᠠᠳᠠᠭᠠᠯᠠᠬᠤ᠂ ᠪᠠᠯ ᠢ ᠰᠡᠷᠭᠡᠶᠢᠯᠡᠨ ᠬᠠᠮᠠᠭᠠᠯᠠᠬᠤ ᠵᠡᠷᠭᠡ ᠵᠠᠰᠠᠬᠤ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠵᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ ᠰᠢᠰᠲ᠋ᠧᠮ ᠢ ᠪᠦᠷᠢᠯᠳᠦᠭᠦᠯᠵᠦ᠂ ᠲᠥᠷᠥᠯ ᠵᠦᠢᠯ ᠤᠨ ᠣᠷᠣᠨ ᠤ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠢ ᠪᠠᠭᠠᠰᠬᠠᠵᠤ᠂ ᠲᠥᠷᠥᠯ ᠵᠦᠢᠯ ᠤᠨ ᠣᠷᠣᠨ ᠤ ᠭᠤᠤ ᠰᠤᠪᠠᠭ ᠤᠨ ᠬᠥᠭᠵᠢᠯᠲᠡ ᠶᠢ ᠬᠤᠷᠢᠭᠯᠠᠵᠤ᠂ ᠲᠥᠷᠥᠯ ᠵᠦᠢᠯ ᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠪᠠ ᠲᠠᠷᠢᠶᠠᠨ ᠭᠠᠵᠠᠷ ᠤᠨ ᠶᠠᠰᠤ ᠴᠢᠨᠠᠷ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠨᠥᠬᠦᠴᠡᠯ ᠢ ᠪᠦᠷᠢᠯᠳᠦᠭᠦᠯᠵᠦ ᠥᠭᠴᠡᠢ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ ᠵᠢᠵᠢᠭ ᠰᠠᠪᠠ ᠭᠠᠵᠠᠷ ᠢ ᠵᠠᠰᠠᠬᠤ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠰᠤᠷᠪᠤᠯᠵᠢᠯᠠᠭᠴᠢ ᠠᠵᠢᠯᠴᠢᠳ ᠤᠨ ᠵᠠᠷᠢᠮ ᠨᠢ ᠪᠣᠺᠺᠠᠨ ᠪᠠᠶᠢᠬᠤ᠂ ᠵᠠᠷᠢᠮ ᠨᠢ ᠴᠢᠯᠠᠭᠤ ᠵᠥᠭᠡᠭᠡᠬᠦ᠂ ᠲᠣᠮᠣ ᠬᠡᠯᠪᠡᠷᠢ ᠶᠢᠨ ᠮᠠᠰᠢᠨ ᠢᠶᠠᠷ ᠰᠢᠷᠣᠢ ᠤᠷᠪᠠᠭᠤᠯᠬᠤ᠂ ᠴᠢᠯᠠᠭᠤ ᠵᠥᠭᠡᠭᠡᠪᠦᠷᠢᠯᠡᠬᠦ᠂ ᠨᠢᠭᠡ ᠪᠦᠯᠦᠭ ᠶᠠᠭᠠᠷᠠᠯᠲᠠᠢ ᠪᠠᠶᠢᠳᠠᠯ ᠢ ᠣᠯᠵᠤ ᠬᠠᠷᠠᠪᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ ᠵᠢᠵᠢᠭ ᠰᠠᠪᠠ ᠭᠠᠵᠠᠷ ᠢ ᠵᠠᠰᠠᠬᠤ ᠲᠥᠷᠥᠯ ᠵᠦᠢᠯ ᠤᠨ ᠬᠡᠷᠡᠭᠵᠢᠭᠦᠯᠦᠭᠳᠡᠬᠦ ᠶᠢ ᠳᠠᠭᠠᠯᠳᠤᠨ᠂ ᠰᠠᠪᠠ ᠭᠠᠵᠠᠷ ᠤᠨ ᠳᠣᠲᠣᠷᠠᠬᠢ ᠬᠤᠪᠣᠷ ᠨᠠᠨᠳᠢᠨ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠢ ᠬᠠᠮᠠᠭᠠᠯᠠᠵᠤ᠂ ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠨᠠᠯᠠᠤ ᠭᠠᠵᠠᠷ ᠤᠨ ᠤᠷᠤᠰᠬᠠᠯ ᠢ ᠰᠡᠷᠭᠡᠶᠢᠯᠡᠨ ᠵᠠᠰᠠᠪᠠ᠃ ᠪᠢᠲᠡᠭᠦᠮᠵᠢᠯᠡᠨ ᠵᠠᠰᠠᠬᠤ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠢ ᠰᠢᠭᠤᠢ ᠡᠪᠡᠰᠦ ᠪᠡᠯᠴᠢᠭᠡᠷ ᠤᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠵᠤ᠂ ᠵᠢᠵᠢᠭ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠢ ᠨᠢᠭᠡᠨᠲᠡ ᠢᠳᠡᠭ ᠢᠳᠡᠭ ᠢᠶᠠᠷ ᠰᠠᠶᠢᠨ ᠣᠷᠴᠢᠯ ᠲᠡᠰᠢ ᠬᠥᠭᠵᠢᠭᠦᠯᠪᠡ᠃ ᠪᠦᠬᠦ ᠲᠠᠯ᠎ᠠ ᠪᠠᠷ ᠠᠵᠢᠯ ᠳᠠᠭᠤᠰᠤᠭᠰᠠᠨ ᠵᠠᠰᠠᠯᠲᠠ ᠶᠢᠨ ᠣᠷᠣᠨ᠃ ︽ᠡᠨᠡ ᠵᠢᠯ ᠤᠨ ᠵᠤᠨ ᠤ ᠤᠯᠠᠷᠢᠯ ᠤᠨ ᠦᠶᠡᠷ ᠤᠨ ᠬᠤᠭᠤᠴᠠᠭᠠᠨ ᠤ ᠪᠣᠷᠣᠭᠠᠨ ᠬᠤᠷ᠎ᠠ ᠣᠨᠴᠠᠭᠠᠢ ᠶᠡᠭᠡ᠂ ᠡᠨᠡ ᠬᠦ ᠪᠣᠷᠣᠭᠠᠨ ᠤ ᠤᠰᠤ ᠢᠳᠡᠭᠳᠡᠭᠰᠡᠨ ᠭᠤᠤ ᠶᠢ ᠳᠠᠮᠵᠢᠨ ᠪᠠᠭᠤᠵᠤ ᠢᠷᠡᠮᠡᠭᠴᠡ ᠳᠠᠷᠢᠶ᠎ᠠ ᠲᠥᠮᠥᠰᠥ ᠶᠢ ᠡᠪᠳᠡᠨ᠎ᠡ᠂ ᠣᠳᠣ ᠵᠠᠰᠠᠵᠤ ᠪᠠᠶᠢᠪᠠᠯ ᠡᠨᠡ ᠠᠰᠠᠭᠤᠳᠠᠯ ᠢ ᠰᠢᠢᠳᠪᠦᠷᠢᠯᠡᠬᠦ ᠪᠣᠯᠤᠨ᠎ᠠ᠂ ᠬᠤᠶᠢᠰᠢᠳᠠ ᠪᠢᠳᠡ ᠳᠠᠬᠢᠭᠠᠳ ᠰᠠᠨᠠᠭ᠎ᠠ ᠵᠣᠪᠠᠭ᠋ᠤ ᠬᠡᠷᠡᠭ ᠦᠭᠡᠢ᠂ ᠪᠢᠳᠡ ᠪᠦᠷ ᠳᠣᠲᠣᠭᠠᠳᠤ ᠰᠡᠳᠬᠢᠯ ᠠᠴᠠ ᠪᠠᠨ ᠡᠨᠡ ᠢᠨᠵᠧᠨᠧᠷᠢᠩ ᠢ ᠮᠠᠭᠲᠠᠨ ᠰᠠᠶᠢᠰᠢᠶᠠᠨ᠎ᠠ᠃ ᠳᠥᠷᠥᠯᠵᠢ ᠪᠠᠯᠭᠠᠰᠤᠨ ᠤ ᠳᠥᠷᠥᠯᠵᠢ ᠭᠠᠴᠠᠭᠠᠨ ᠤ ᠠᠷᠠᠳ ᠶᠠᠩ ᠵᠤᠨ ᠢ ᠬᠡᠯᠡᠪᠡ᠃    ᠣᠶᠢᠯᠠᠭᠠᠭᠰᠠᠨ ᠢᠶᠠᠷ᠂ ᠳᠥᠷᠥᠯᠵᠢ ᠪᠠᠯᠭᠠᠰᠤᠨ ᠤ ᠪᠠᠭ᠎ᠠ ᠰᠠᠪᠠ ᠭᠠᠵᠠᠷ ᠢ ᠵᠠᠰᠠᠬᠤ ᠲᠥᠷᠥᠯ ᠵᠦᠢᠯ ᠨᠢ ᠳᠥᠷᠥᠯᠵᠢ ᠭᠠᠴᠠᠭ᠎ᠠ᠂ ᠱᠠᠷᠢᠯ ᠤᠨ ᠬᠤᠸᠠ ᠭᠠᠴᠠᠭ᠎ᠠ᠂ ᠺᠣᠤ ᠱᠠᠨ ᠭᠠᠴᠠᠭ᠎ᠠ ᠳᠤ ᠬᠤᠯᠪᠣᠭᠳᠠᠨ᠎ᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 800 ᠲᠦᠮᠡᠨ ᠲᠥᠭᠦᠷᠢᠭ ᠪᠠᠶᠢᠵᠤ᠂ ᠬᠥᠷᠥᠰᠥ ᠰᠢᠷᠣᠢ ᠶᠢᠨ ᠢᠳᠡᠭᠳᠡᠯ ᠢ ᠵᠠᠰᠠᠭᠰᠠᠨ ᠲᠠᠯᠠᠪᠠᠢ ᠨᠢ 16 ᠲᠡᠭᠰᠢ ᠳᠥᠷᠪᠡᠯᠵᠢᠨ ᠺᠢᠯᠣᠮᠧᠳ᠋ᠷ ᠪᠣᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠪᠦᠷᠢ 30.71 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠲᠣᠬᠢᠷᠠᠭᠤᠯᠵᠤ᠂ ᠡᠯᠡᠰᠦ ᠮᠠᠩᠬᠠᠨ ᠤ ᠤᠷᠤᠰᠬᠠᠯ ᠤᠨ ᠬᠡᠮᠵᠢᠶ᠎ᠡ ᠶᠢ 2.71 ᠲᠦᠮᠡᠨ ᠲᠣᠨ ᠪᠠᠭᠠᠰᠬᠠᠵᠤ᠂ ᠰᠠᠪᠠ ᠭᠠᠵᠠᠷ ᠤᠨ ᠳᠣᠲᠣᠷᠠᠬᠢ ᠣᠢ ᠰᠢᠭᠤᠢ ᠡᠪᠡᠰᠦ ᠪᠡᠯᠴᠢᠭᠡᠷ ᠤᠨ ᠪᠦᠷᠬᠦᠴᠡ ᠶᠢᠨ ᠨᠣᠷᠮ᠎ᠠ ᠶᠢ 76.2% ᠲᠤ ᠬᠦᠷᠦᠭᠦᠯᠦᠨ᠎ᠡ᠃    ︽ᠳᠥᠷᠥᠯᠵᠢ ᠪᠠᠯᠭᠠᠰᠤᠨ ᠤ ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ ᠢᠨᠵᠧᠨᠧᠷᠢᠩ ᠨᠢ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠢ ᠬᠠᠮᠠᠭᠠᠯᠠᠵᠤ᠂ ᠭᠤᠤ ᠰᠤᠪᠠᠭ ᠤᠨ ᠬᠥᠭᠵᠢᠯᠲᠡ ᠶᠢ ᠪᠠᠭᠠᠰᠬᠠᠵᠤ ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠰᠠᠯᠬᠢ ᠡᠯᠡᠰᠦ᠂ ᠦᠶᠡᠷ ᠤᠨ ᠤᠰᠤ᠂ ᠭᠠᠩ ᠬᠠᠭᠰᠠᠷᠠᠭᠠᠨ ᠵᠡᠷᠭᠡ ᠪᠠᠶᠢᠭᠠᠯᠢ ᠶᠢᠨ ᠭᠠᠮᠰᠢᠭ ᠢ ᠪᠠᠭᠠᠰᠬᠠᠬᠤ ᠳᠤ ᠠᠰᠢᠭᠲᠠᠢ ᠪᠠᠶᠢᠵᠤ᠂ ᠲᠤᠬᠠᠢ ᠶᠢᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠬᠠᠮᠲᠤ ᠲᠠᠷᠢᠶᠠᠯᠠᠩ ᠤᠨ ᠦᠢᠯᠡᠳᠪᠦᠷᠢᠯᠡᠯ ᠪᠠ ᠬᠥᠳᠡᠭᠡ ᠲᠣᠰᠬᠤᠨ ᠤ ᠠᠮᠢᠳᠤᠷᠠᠯ ᠤᠨ ᠨᠥᠬᠦᠴᠡᠯ ᠢ ᠳᠡᠭᠡᠭᠰᠢᠯᠡᠭᠦᠯᠵᠦ ᠴᠢᠳᠠᠨ᠎ᠠ︾᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠥᠷᠥᠰᠥ ᠰᠢᠷᠣᠢ ᠶᠢ ᠬᠠᠮᠠᠭᠠᠯᠠᠬᠤ ᠲᠠᠰᠤᠭ ᠤᠨ ᠠᠵᠢᠯᠲᠠᠨ ᠪᠠᠭᠠᠲᠤᠷ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号