︵2025 ᠣᠨ ᠤ 1 ᠰᠠᠷ᠎ᠠ ᠶᠢᠨ 8 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠬᠦᠳᠡ ᠬᠤᠷᠠᠯ ᠠᠴᠠ | ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠬᠦᠳᠠ ᠬᠤᠷᠠᠯ 2025 ᠣᠨ ᠤ 1 ᠰᠠᠷ᠎ᠠ ᠶᠢᠨ 6 ᠠᠴᠠ 8 ᠤ ᠡᠳᠦᠷ | ᠪᠣᠯᠲᠠᠯ᠎ᠠ ᠪᠡᠭᠡᠵᠢᠩ ᠳᠤ ᠬᠤᠷᠠᠯᠳᠤᠪᠠ᠃ ᠡᠨᠡ ᠤᠳᠠᠭᠠᠨ ᠤ ᠪᠦᠭᠦᠳᠡ ᠬᠤᠷᠠᠯ ᠳᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠭᠡᠰᠢᠭᠦᠨ 131 ᠬᠥᠮᠦᠨ ᠣᠷᠣᠯᠴᠠᠵᠤ᠂ 247 ᠬᠥᠮᠦᠨ ᠰᠤᠯᠠ ᠣᠷᠣᠯᠴᠠᠪᠠ᠃ | ᠳᠣᠮᠳᠠᠳᠤ ᠣᠯᠣᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠦᠭᠦᠳᠡ ᠬᠤᠷᠠᠯ ᠳᠤ ᠣᠷᠣᠯᠴᠠᠭᠰᠠᠨ | ᠪᠦᠭᠡᠳ ᠴᠢᠬᠤᠯᠠ ᠶᠠᠷᠢᠶ᠎ᠠ ᠲᠠᠯᠪᠢᠵᠠᠶ᠃ ᠯᠢ ᠴᠢᠶᠠᠩ᠂ ᠵᠤᠤ ᠯᠧ ᠵᠢᠢ᠂ ᠸᠠᠩ ᠬᠣ᠋ ᠨᠢᠩ᠂ ᠼᠠᠢ ᠴᠢ᠂ ᠳ᠋ᠢᠩ ᠰᠢᠤᠸᠠᠢ | ᠰᠢᠶᠠᠩ᠂ ᠯᠢ ᠰᠢ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠬᠤᠷᠠᠯ ᠳᠤ ᠣᠷᠣᠯᠴᠠᠪᠠ᠃ | ᠪᠦᠬᠦᠳᠡ ᠬᠤᠷᠠᠯ ᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠬᠢᠯᠡᠪᠡ᠃ | ᠪᠦᠬᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2024 ᠣᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠢ ᠳ᠋ᠦᠩᠨᠡᠨ᠂ 2025 ᠣᠨ ᠤ ᠡᠭᠦᠷᠭᠡ ᠶᠢ ᠪᠠᠶᠢᠷᠢᠯᠠᠭᠤᠯᠵᠤ᠂ ᠯᠢ ᠰᠢ ᠨᠥᠬᠦᠷ ᠤᠨ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ᠬᠢᠭᠰᠡᠨ ︽ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ | ᠵᠥᠪᠯᠡᠵᠦ ᠪᠠᠲᠤᠯᠠᠪᠠ᠃ | ᠪᠥᠬᠦᠳᠡ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ | ᠭᠦᠨᠵᠡᠭᠡᠶ ᠣᠶᠢᠯᠠᠭᠠᠪᠠ᠃ ᠶᠠᠷᠢᠶᠠᠨ ᠳᠤ᠂ ᠥᠩᠭᠡᠷᠡᠭᠰᠡᠨ ᠨᠢᠭᠡ ᠵᠢᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠠᠵᠢᠯ ᠤᠨ ᠣᠯᠤᠭᠰᠠᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠰᠢᠨ᠎ᠡ ᠴᠠᠭ ᠦᠶ᠎ᠡ ᠰᠢᠨ᠎ᠡ | ᠠᠶᠠᠨ ᠳᠠᠬᠢ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠠᠯᠤᠰ | ᠬᠡᠲᠦ ᠶᠢᠨ ᠲᠡᠦᠬᠡ ᠶᠢᠨ ᠬᠠᠷᠡᠴᠡ ᠪᠠᠷ ᠢᠯᠵᠢᠷᠠᠯ ᠢ ᠡᠰᠡᠷᠭᠦᠴᠡᠬᠦ ᠲᠡᠮᠡᠴᠡᠯ ᠤᠨ ᠦᠨᠳᠦᠰᠦᠨ ᠵᠢᠮ᠎ᠡ ᠶᠣᠰᠣ ᠶᠢ ᠭᠦᠨᠵᠡᠭᠡᠶ | ᠡᠵᠡᠮᠰᠢᠵᠦ᠂ ᠣᠳᠣᠬᠠᠨ ᠤ ᠢᠯᠵᠢᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠶ ᠵᠠᠳᠠᠯᠵᠤ᠂ ᠲᠤᠭ ᠲᠡᠮᠳᠡᠭ | ᠲᠣᠳᠣᠷᠬᠠᠶ ᠪᠠᠷ ᠪᠤᠷᠤᠭᠤ ᠲᠠᠨᠢᠯᠲᠠ ᠶᠢ ᠲᠣᠳᠣᠯᠠᠵᠤ᠂ ᠦᠵᠡᠯ ᠰᠠᠨᠠᠭᠠᠨ ᠤ ᠲᠥᠭᠡᠷᠢᠭᠳᠡᠯ ᠢ ᠠᠷᠢᠯᠭᠠᠵᠤ᠂ ᠢᠯᠵᠢᠷᠠᠯ ᠢ | ᠡᠰᠡᠷᠭᠦᠴᠡᠬᠦ ᠲᠡᠮᠡᠴᠡᠯ ᠤᠨ ᠪᠤᠭᠤᠮᠲᠠ ᠰᠢᠪᠲᠤᠯᠬᠤ ᠲᠠᠶᠢᠯᠠᠯᠳᠤᠭᠠᠨ᠂ ᠤᠳᠠᠭᠠᠨ ᠳᠠᠭᠠᠭᠠᠮᠠᠭᠠᠶ ᠳᠠᠶᠢᠯᠠᠯᠳᠤᠭᠠᠨ᠂ ᠶᠡᠷᠦᠩᠬᠡᠶ | ᠳᠠᠶᠢᠯᠠᠯᠳᠤᠭᠠᠨ ᠢ ᠡᠷᠡᠰ ᠰᠠᠶᠢᠳᠤᠷ ᠬᠢᠬᠦ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ | ᠴᠢᠩᠭ᠎ᠠ ᠪᠠᠲᠤᠯᠠᠭ᠎ᠠ ᠬᠠᠩᠭᠠᠬᠤ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠦ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠳᠤ ᠨᠠᠨᠳᠢᠨ ᠬᠦᠰᠡᠯ ᠲᠠᠯᠪᠢᠭᠰᠠᠨ ᠪᠠᠶᠢᠨ᠎ᠠ᠃ ᠴᠢᠬᠤᠯᠠ ᠶᠠᠷᠢᠶ᠎ᠠ | ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠦᠵᠡᠯ ᠰᠠᠨᠠᠭ᠎ᠠ ᠭᠦᠨ ᠭᠦᠨᠵᠡᠭᠡᠢ᠂ ᠠᠰᠠᠭᠤᠳᠠᠯ ᠳᠤ ᠰᠢᠭᠤᠳ ᠬᠠᠨᠳᠤᠵᠤ᠂ | ᠬᠥᠮᠦᠰ ᠢ ᠰᠡᠩᠬᠡᠷᠡᠭᠦᠯᠵᠦ᠂ ᠮᠠᠰᠢ ᠴᠢᠩᠭ᠎ᠠ ᠤᠯᠤᠰ ᠳᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠤᠳᠬᠤ | ᠴᠢᠨᠠᠷ ᠲᠠᠢ ᠪᠠᠶᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ | ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ | ᠴᠢᠬᠤᠯᠠ ᠵᠢᠷᠤᠮᠯᠠᠯ ᠬᠠᠩᠭᠠᠵᠠᠢ ᠭᠡᠵᠦ ᠰᠠᠨᠠᠯ ᠨᠢᠭᠡᠲᠡᠢ ᠦᠵᠡᠵᠡᠭᠡᠪᠡ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠵᠣᠷᠢᠭᠲᠠᠢ ᠲᠡᠮᠡᠴᠡᠵᠦ᠂ | ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠤᠯᠤᠰ ᠤᠨ ᠶᠡᠭᠡ ᠶᠠᠪᠤᠳᠠᠯ︾ ᠳ᠋ᠤ᠋ ᠠᠩᠬᠠᠷᠤᠯ ᠢᠶᠠᠨ ᠲᠥᠪᠯᠡᠷᠡᠭᠦᠯᠦᠨ ᠤᠯᠤᠰ | ᠲᠦᠷᠦ ᠶᠢᠨ ᠬᠢᠨᠠᠯᠲᠠ ᠪᠠᠨ ᠴᠢᠩᠭᠠᠳᠬᠠᠵᠤ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠵᠤ᠂ ᠬᠡᠵᠢᠶᠡᠳᠡ ᠳᠠᠭᠤᠰᠤᠰᠢ ᠦᠭᠡᠢ ᠪᠠᠶᠢᠳᠠᠭ ᠡᠷᠡᠰ ᠬᠠᠲᠠᠭᠤ ᠵᠣᠷᠢᠭ ᠢᠶᠠᠷ ᠢᠯᠵᠢᠷᠠᠯ ᠢ ᠡᠰᠡᠷᠭᠦᠴᠡᠬᠦ ᠲᠡᠮᠡᠴᠡᠯ ᠢ | ᠭᠦᠨᠵᠡᠭᠡᠢ ᠠᠬᠢᠭᠤᠯᠵᠤ᠂ ᠢᠯᠵᠢᠷᠠᠬᠦ ᠠᠴᠠ ᠵᠢᠷᠦᠬᠡᠰᠢᠶᠡᠬᠦ᠂ ᠢᠯᠵᠢᠷᠠᠵᠤ ᠪᠣᠯᠬᠤ ᠦᠭᠡᠢ᠂ ᠢᠯᠵᠢᠷᠠᠬᠦ ᠶᠢ ᠪᠤᠳᠤᠬᠤ ᠦᠭᠡᠢ | ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠢᠯᠵᠢᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ | ᠬᠦᠴᠦᠯᠡᠨ ᠠᠷᠢᠯᠭᠠᠨ᠎ᠠ᠃ ᠪᠢᠰᠢᠷᠡᠨ ᠵᠢᠷᠦᠬᠡᠰᠢᠶᠡᠬᠦ ᠰᠡᠳᠭᠢᠯ ᠢᠶᠠᠨ ᠢᠮᠠᠭᠲᠠ ᠪᠠᠲᠤᠯᠠᠵᠤ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠤᠨ ᠵᠢᠷᠤᠮᠵᠢᠭᠰᠡᠨ ᠬᠠᠤᠯᠢᠵᠢᠭᠰᠠᠨ ᠵᠢᠩᠬᠢᠨᠢᠴᠢᠯᠡᠭᠰᠡᠨ ᠪᠠᠶᠢᠭᠤᠯᠤᠯᠲᠠ ᠶᠢ ᠴᠢᠩᠭᠠᠳᠬᠠᠵᠤ᠂ | ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠥᠭᠡᠳ ᠴᠢᠳᠠᠮᠠᠭᠠᠢ ᠪᠠᠷ ᠲᠡᠮᠡᠴᠡᠬᠦ ᠶᠢ | ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠰᠠᠨᠠᠯ ᠨᠢᠭᠡᠲᠡᠢ ᠢᠯᠡᠳᠭᠡᠵᠡᠭᠡᠪᠡ᠃ | ᠪᠦᠬᠦᠳᠡ ᠬᠤᠷᠠᠯ ᠠᠴᠠ᠂ 2024 ᠣᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠦᠳᠦᠯᠥᠨ | ᠳᠠᠭᠠᠭᠤᠯᠬᠤ ᠶᠢ ᠪᠠᠷᠢᠮᠲᠠᠯᠠᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠰᠡᠳᠭᠢᠯ ᠨᠢᠭᠡᠳᠤᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠪᠠ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠤᠨ ᠡᠯ᠎ᠡ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ︽ | ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ | ᠪᠣᠯᠤᠨ ᠤᠯᠤᠰ ᠤᠨ ᠭᠤᠤᠯ ᠡᠭᠦᠷᠭᠡ ᠶᠢᠨ ᠲᠣᠭᠤᠷᠢᠨ ᠳᠤ᠂ ᠤᠯᠤᠰ ᠲᠥᠷᠥ ᠶᠢᠨ ᠬᠢᠨᠠᠯᠲᠠ ᠲᠠᠯᠪᠢᠯᠲᠠ ᠶᠢ ᠦᠷᠭᠦᠯᠵᠢᠯᠡᠨ | ᠭᠦᠨᠵᠡᠭᠡᠶ ᠴᠢᠩᠭᠠᠳᠬᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠠᠯ ᠢ ᠡᠰᠡᠷᠭᠦᠴᠡᠵᠦ᠂ ᠪᠥᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠬᠦᠯᠬᠦ᠂ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ | ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠭᠤᠤᠯ ᠰᠡᠳᠦᠪᠲᠦ ᠬᠥᠮᠦᠵᠢᠯ ᠪᠣᠯᠤᠨ ᠬᠥᠮᠦᠵᠢᠯ ᠴᠡᠭᠴᠡᠯᠡᠯᠲᠡ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠶᠢ ᠪᠦᠬᠦ ᠵᠢᠯ ᠤᠨ ᠭᠤᠣᠯ ᠰᠡᠳᠦᠪ ᠭᠤᠣᠯ ᠰᠢᠵᠢᠮ ᠪᠣᠯᠭᠠᠵᠤ᠂ ᠪᠦᠬᠦ | ᠰᠢᠰᠲ᠋ᠤᠮ ᠤᠨ ᠬᠢᠨ ᠢ ᠲᠠᠶᠢᠴᠢᠯᠠᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ | ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪ ᠴᠢᠭᠯᠡᠯ ᠢ ᠪᠠᠲᠤᠳᠬᠠᠪᠠ᠃ ᠤᠯᠤᠰ ᠲᠦᠷᠦ ᠶᠢᠨ | ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠬᠤ᠂ ᠣᠨᠣᠴᠠᠵᠢᠭᠤᠯᠬᠤ᠂ ᠪᠠᠶᠢᠩᠭᠤᠵᠢᠭᠤᠯᠬᠤ ᠲᠣᠭᠲᠡᠴᠡ ᠶᠢ ᠪᠠᠶᠢᠭᠤᠯᠤᠨ | ᠲᠡᠭᠦᠯᠳᠡᠷᠵᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠤᠨ | ᠴᠢᠬᠤᠯᠠ ᠶᠡᠭᠡ ᠪᠠᠶᠢᠷᠢᠯᠠᠭᠤᠯᠤᠯᠲᠠ ᠶᠢᠨ ᠲᠣᠭᠤᠷᠢᠨ ᠳᠤ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠶᠡᠭᠡ ᠪᠣᠳᠣᠯᠭ᠎ᠠ ᠴᠢᠭᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ︽ | ᠨᠢᠭᠡᠳᠦᠭᠡᠷ ᠵᠢᠭᠰᠠᠭᠠᠯ︾ ᠢᠶᠠᠷ ᠴᠢᠷᠮᠠᠶᠢᠨ ᠵᠠᠮᠨᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠬᠢᠨᠠᠮᠠᠭᠠᠢ ᠰᠤᠷᠤᠯᠴᠠᠨ ᠣᠶᠢᠯᠠᠭᠠᠵᠤ | ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢ ᠴᠢᠩᠭ᠎ᠠ ᠵᠢᠷᠤᠮᠯᠠᠨ ᠵᠤᠷᠪᠤᠰ ᠳᠠᠷᠠᠭᠠᠯᠠᠨ ᠰᠤᠷᠤᠯᠴᠠᠵᠤ᠂ ᠭᠦᠨᠵᠡᠭᠡᠢ | ᠰᠤᠳᠤᠯᠤᠨ ᠶᠠᠷᠢᠯᠴᠠᠵᠤ᠂ ᠪᠥᠬᠦ ᠰᠢᠰᠲ᠋ᠧᠮ ᠤᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠤᠯᠠᠮ ᠭᠦᠨᠵᠡᠭᠡᠢ | ᠰᠤᠷᠤᠯᠴᠠᠭᠤᠯᠵᠤ᠂ ᠪᠣᠯᠪᠠᠰᠤᠷᠠᠩᠭᠤᠢ ᠣᠶᠢᠯᠠᠭᠠᠨ ᠴᠢᠳᠠᠮᠠᠭᠠᠢ ᠬᠡᠷᠡᠭᠯᠡᠭᠦᠯᠵᠦ᠂ ᠪᠥᠬᠦ ᠨᠠᠮ ᠤᠨ ᠰᠠᠬᠢᠯᠭ᠎ᠠ ᠪᠠᠲᠤ ᠶᠢ | ᠰᠤᠷᠤᠯᠴᠠᠨ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠲᠣᠳᠣᠷᠬᠠᠢ ᠰᠠᠬᠢᠬᠤ ᠶᠢ ᠠᠬᠢᠭᠤᠯᠪᠠ᠃ ᠵᠢᠷᠭᠠᠨ ᠴᠡᠩᠭᠡᠬᠦ | ᠦᠵᠡᠯ᠂ ᠱᠠᠯᠢᠨ ᠪᠦᠷᠢᠯᠭᠡᠬᠦ ᠰᠤᠷᠲᠠᠯ ᠢ ᠦᠷᠭᠦᠯᠵᠢᠯᠡᠨ ᠴᠢᠩᠭ᠎ᠠ ᠬᠤᠷᠢᠭᠯᠠᠵᠤ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠢ ᠴᠢᠩᠭ᠎ᠠ ᠵᠠᠯᠠᠷᠠᠭᠤᠯᠤᠨ ᠵᠠᠰᠠᠵᠤ᠂ ᠪᠠᠶᠢᠩᠭᠤ ᠶᠢᠨ ᠴᠢᠨᠠᠷᠲᠠᠢ ᠣᠷᠳᠣ ᠬᠤᠭᠤᠴᠠᠭᠠᠨ ᠤ ᠪᠦᠲᠦᠮᠵᠢᠲᠡᠶ | ᠵᠠᠰᠠᠯᠲᠠ ᠪᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠪᠤᠲᠠᠲᠠᠶᠢᠵᠢᠭᠤᠯᠬᠤ ᠶᠢ ᠦᠨᠡᠨ | ᠬᠦ ᠪᠠᠲᠤᠯᠠᠪᠠ᠃ ᠢᠯᠵᠢᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ᠮᠥᠩᠭᠦᠨ ᠭᠦᠢᠯᠭᠡᠭᠡ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠨᠠᠪᠴᠢᠨ ᠲᠠᠮᠠᠬᠢ᠂ ᠡᠮ ᠡᠮᠨᠡᠯᠭᠡ᠂ ᠪᠡᠶ᠎ᠡ ᠶᠢᠨ ᠲᠠᠮᠢᠷ᠂ | ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠢᠯᠵᠢᠷᠠᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠦᠨ ᠥᠷᠭᠡᠳᠬᠡᠵᠦ᠂ ᠵᠠᠰᠠᠭ | ᠬᠤᠳᠠᠯᠳᠤᠭᠠᠴᠢᠨ ᠤ ᠰᠥᠯᠪᠡᠭᠡᠯᠳᠦᠨ ᠢᠯᠵᠢᠷᠡᠬᠦ ᠶᠢ ᠴᠢᠩᠭ᠎ᠠ ᠪᠠᠶᠢᠴᠠᠭᠠᠨ ᠰᠶᠢᠳᠪᠦᠷᠢᠯᠡᠵᠦ᠂ ᠰᠢᠨ᠎ᠡ ᠮᠠᠶ᠋ᠢᠭ ᠤᠨ ᠢᠯᠵᠢᠷᠠᠯ | ᠪᠠ ᠲᠠᠯᠳᠠ ᠢᠯᠵᠢᠷᠠᠯ ᠢ ᠭᠦᠨᠵᠡᠭᠡᠢ ᠪᠠᠶᠢᠴᠠᠭᠠᠨ ᠰᠶᠢᠳᠪᠦᠷᠢᠯᠡᠵᠦ᠂ ᠬᠡᠭᠡᠯᠢ ᠢᠳᠡᠵᠦ ᠬᠠᠭ᠋ᠤᠤᠯᠢ ᠲᠦᠯᠬᠢᠬᠦ ᠶᠢ ᠬᠠᠮᠲᠤ ᠳᠤᠨᠢ | ᠪᠠᠶᠢᠴᠠᠭᠠᠬᠤ ᠶᠢ ᠪᠠᠷᠢᠮᠲᠠᠯᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠵᠠᠰᠠᠯᠲᠠ ᠶᠢ ᠠᠬᠢᠭᠤᠯᠬᠤ ᠶᠢ | ᠭᠦᠨᠵᠡᠭᠡᠶᠢᠷᠡᠭᠦᠯᠵᠦ᠂ ᠢᠯᠵᠢᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠬᠦᠴᠦᠲᠡᠢ ᠴᠡᠪᠡᠷᠯᠡᠨ | ᠠᠷᠢᠯᠭᠠᠪᠠ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ ᠤᠨ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠶᠢ ᠥᠷᠨᠢᠭᠦᠯᠵᠦ᠂ ᠬᠡᠪ ᠠᠴᠠ ᠳᠠᠪᠠᠭᠰᠠᠨ ᠠᠷᠭ᠎ᠠ ᠬᠡᠮᠵᠢᠶ᠎ᠡ ᠪᠠᠷ ︽ᠪᠠᠭ᠎ᠠ ᠱᠠᠮᠰᠢᠯ ᠪᠢᠴᠢᠯ ᠢᠯᠵᠢᠷᠠᠯ︾ | ᠢ ᠵᠠᠯᠬᠠᠭᠠᠨ ᠰᠶᠢᠳᠬᠡᠵᠦ᠂ ᠤᠯᠠᠨ ᠲᠦᠮᠡᠨ ᠤ ᠠᠰᠢᠭ ᠲᠤᠰᠠ ᠶᠢ ᠡᠷᠡᠰ ᠬᠠᠮᠠᠭᠠᠯᠠᠨ᠂ ᠨᠠᠮ ᠤᠨ ᠲᠦᠷᠦ ᠪᠠᠷᠢᠬᠤ | ᠰᠠᠭᠤᠷᠢ ᠶᠢ ᠪᠠᠬᠢᠵᠢᠭᠦᠯᠪᠡ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ 68 ᠰᠠᠯᠠᠭ᠎ᠠ | ᠮᠥᠴᠢᠷ ᠨᠢᠭᠡᠴᠢ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠵᠦ᠂ ᠮᠥᠩᠭᠦᠨ ᠭᠦᠢᠯᠭᠡᠭᠡᠨ ᠤ ᠬᠦᠷᠢᠶᠡᠨ ᠳᠤ | ᠠᠩᠬ᠎ᠠ ᠤᠳᠠᠭ᠎ᠠ ᠬᠤᠯᠪᠤᠭᠠᠯᠠᠭᠰᠠᠨ ᠲᠣᠭᠤᠷᠢᠨ ᠪᠠᠶᠢᠴᠠᠭᠠᠯᠲᠠ ᠥᠷᠨᠢᠭᠦᠯᠵᠦ᠂ ᠲᠤᠰᠬᠠᠢ ᠣᠷᠣᠨ ᠤ ᠲᠡᠰ ᠤᠨ ᠬᠤᠳᠠ ᠳᠤ | ᠲᠡᠰ ᠦᠰᠭᠡᠭᠰᠡᠨ ᠲᠣᠭᠤᠷᠢᠨ ᠪᠠᠶᠢᠴᠠᠭᠠᠯᠲᠠ ᠬᠢᠵᠦ᠂ ᠲᠣᠭᠤᠷᠢᠨ ᠪᠠᠶᠢᠴᠠᠭᠠᠬᠤ ᠶᠢᠨ ᠳᠠᠭᠠᠤ ᠪᠠᠶᠢᠴᠠᠭᠠᠬᠤ᠂ ᠪᠠᠷᠢᠨ | ᠬᠡᠷᠡᠭᠵᠢᠭᠦᠯᠵᠦ ᠪᠠᠷᠢᠨ ᠥᠭᠡᠷᠡᠴᠢᠯᠡᠬᠦ ᠠᠵᠢᠯ ᠢ ᠪᠣᠳᠠᠲᠠᠶᠢᠵᠢᠭᠤᠯᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠶᠢᠨ | ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠦᠢᠯᠡᠳᠦᠯ ᠢ ᠤᠯᠠᠮ ᠨᠢᠭᠡ ᠠᠯᠬᠤᠮ ᠢᠯᠡᠷᠡᠭᠦᠯᠪᠡ᠃ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠤᠯ ᠲᠣᠭᠲᠡᠴᠡ ᠪᠣᠯᠣᠨ ᠬᠠᠤᠯᠢ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠬᠠᠮᠵᠢᠯᠴᠠᠨ ᠬᠢᠨᠠᠨ | ᠪᠠᠶᠢᠴᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠠᠵᠢᠯ ᠢ ᠰᠠᠶᠢᠲᠤᠷ ᠬᠢᠵᠦ᠂ ᠲᠣᠭᠠᠴᠢᠯᠠᠭᠰᠠᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠳᠦᠷᠢᠮ ᠤᠨ | ᠳᠠᠪᠠᠭᠤᠯᠢᠭ ᠢ ᠨᠡᠩ ᠰᠠᠶᠢᠨ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠦᠷ᠎ᠡ | ᠪᠦᠲᠦᠮᠵᠢ ᠪᠣᠯᠭᠠᠨ ᠬᠤᠪᠢᠷᠠᠭᠤᠯᠬᠤ ᠶᠢ ᠠᠬᠢᠭᠤᠯᠪᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠣᠷᠣᠰᠢᠵᠤ ᠪᠠᠶᠢᠭ᠎ᠠ | ᠠᠰᠠᠭᠤᠳᠠᠯ ᠢ ᠦᠨᠡᠨ ᠠᠴᠠ ᠵᠦᠪ ᠢ ᠡᠷᠢᠨ ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨ ᠬᠦ | ᠰᠶᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ | ᠪᠦᠭᠦᠳᠡ ᠬᠤᠷᠠᠯ ᠠᠴᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ | ᠶᠠᠪᠤᠳᠠᠯ ᠨᠢ ᠢᠯᠵᠢᠷᠠᠯ ᠢ ᠡᠰᠡᠷᠭᠦᠴᠡᠬᠦ ᠲᠡᠮᠡᠴᠡᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠶᠢᠳᠠᠯ ᠤᠨ ᠲᠤᠬᠠᠢ ᠣᠨᠣᠪᠴᠢᠲᠠᠢ ᠮᠠᠭᠠᠳᠯᠠᠯᠲᠠ᠂ | ᠡᠭᠦᠷᠭᠡ ᠶᠢᠨ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠰᠢᠨ᠎ᠡ ᠴᠠᠭ ᠦᠶ᠎ᠡ ᠶᠢᠨ | ᠢᠯᠵᠢᠷᠡᠯ ᠢ ᠡᠰᠡᠷᠭᠦᠴᠡᠬᠦ ᠲᠡᠮᠡᠴᠡᠯ ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠭᠦᠨᠵᠡᠭᠡᠢ ᠡᠵᠡᠮᠳᠡᠵᠦ᠂ | ᠢᠯᠵᠢᠷᠡᠯ ᠢ ᠡᠰᠡᠷᠭᠦᠴᠡᠬᠦ ᠡᠨᠡ ᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠯᠠᠪᠲᠠᠢ ᠣᠯᠬᠤ ᠢᠲᠡᠭᠡᠯ | ᠵᠣᠷᠢᠭ ᠢᠶᠠᠨ ᠪᠠᠲᠤᠳᠬᠠᠬᠤ ᠬᠡᠷᠡᠭᠲᠡᠢ︔ ᠣᠳᠣᠬᠠᠨ ᠤ ᠢᠯᠵᠢᠷᠠᠯ ᠢ ᠡᠰᠡᠷᠭᠦᠴᠡᠬᠦ ᠲᠡᠮᠡᠴᠡᠯ ᠮᠥᠨ ᠯᠡ ᠬᠦᠨᠳᠦ ᠬᠡᠴᠡᠭᠦᠦ | ᠲᠦᠪᠡᠭ ᠪᠤᠳᠤᠯᠢᠶᠠᠨᠲᠠᠢ ᠪᠠᠶᠢᠬᠤ ᠪᠠᠶᠢᠳᠠᠯ ᠢ ᠭᠦᠨᠵᠡᠭᠡᠢ ᠡᠵᠡᠮᠳᠡᠵᠦ᠂ ᠢᠯᠵᠢᠷᠠᠯ ᠢ ᠡᠰᠡᠷᠭᠦᠴᠡᠬᠦ ᠡᠨᠡ ᠬᠦ ᠤᠳᠠᠭᠠᠨ | ᠳᠠᠭᠠᠭᠠᠮᠠᠭᠠᠢ ᠲᠠᠶᠢᠨ ᠳᠤ ᠢᠯᠠᠯᠲᠠ ᠣᠯᠬᠤ ᠬᠠᠳᠠᠨ ᠪᠠᠲᠤ ᠵᠣᠷᠢᠭ ᠢᠶᠠᠨ ᠪᠠᠲᠤᠳᠬᠠᠬᠤ ᠬᠡᠷᠡᠭᠲᠡᠢ︔ ᠢᠯᠵᠢᠷᠠᠬᠦ ᠠᠴᠠ | ᠵᠢᠷᠦᠬᠡᠰᠢᠶᠡᠬᠦ᠂ ᠢᠯᠵᠢᠷᠠᠵᠤ ᠪᠣᠯᠬᠤ ᠦᠭᠡᠢ᠂ ᠢᠯᠵᠢᠷᠠᠬᠦ ᠶᠢ ᠪᠤᠳᠤᠬᠤ ᠦᠭᠡᠢ ᠴᠢᠭᠯᠡᠯᠲᠡ ᠠᠷᠭ᠎ᠠ ᠪᠣᠳᠣᠯᠭ᠎ᠠ ᠶᠢ ᠨᠢᠭᠡ | ᠴᠣᠭᠴᠠᠵᠢᠭᠤᠯᠤᠨ ᠠᠬᠢᠭᠤᠯᠬᠤ ᠶᠢ ᠭᠦᠨᠵᠡᠭᠡᠢ ᠡᠵᠡᠮᠳᠡᠵᠦ᠂ ᠢᠯᠵᠢᠷᠠᠯ ᠢ ᠡᠰᠡᠷᠭᠦᠴᠡᠬᠦ ᠡᠨᠡ ᠬᠦ ᠶᠡᠷᠦᠩᠬᠡᠢ ᠳᠠᠶᠢᠯᠠᠯᠳᠤᠭᠠᠨ ᠤ | ᠢᠯᠠᠯᠲᠠ ᠶᠢ ᠣᠯᠬᠤ ᠡᠷᠡᠰ ᠵᠣᠷᠢᠭ ᠢᠶᠠᠨ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠰᠡᠭᠦᠯ ᠬᠤᠷᠢᠶᠠᠬᠤ ᠵᠢᠯ ᠮᠥᠨ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ | ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ | ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ | ᠰᠶᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠥᠭᠡᠷᠡᠴᠢᠯᠡᠯᠲᠡ ᠶᠢᠨ ᠵᠣᠷᠢᠭ | ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠶᠢ ᠠᠬᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠵᠤ ᠢᠯᠵᠢᠷᠠᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ | ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ | ᠨᠢᠭᠡᠳᠦᠭᠡᠷ ᠲᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠡ ᠶᠢᠨ ᠭᠤᠷᠪᠠᠳᠤᠭᠠᠷ ᠪᠥᠬᠦᠳᠡ ᠬᠤᠷᠠᠯ ᠤᠨ | ᠴᠢᠬᠤᠯᠠ ᠶᠡᠭᠡ ᠪᠠᠶᠢᠷᠢᠯᠠᠭᠤᠯᠤᠯᠲᠠ ᠶᠢᠨ ᠲᠤᠭᠤᠷᠢᠨ ᠳᠤ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠬᠦᠴᠦᠯᠡᠨ ᠠᠬᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠲᠦᠯᠬᠢᠨ ᠠᠬᠢᠭᠤᠯᠬᠤ ᠬᠡᠷᠡᠭᠳᠡᠢ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠠᠬᠢ ᠨᠠᠮ ᠤᠨ ᠲᠥᠪ ᠬᠤᠷᠢᠶ᠎ᠡ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠥᠭᠡᠷᠡᠴᠢᠯᠡᠯᠲᠡ ᠶᠢᠨ ᠶᠡᠷᠦᠩᠬᠡᠢ ᠬᠠᠷᠠᠯᠲᠠ ᠶᠢ | ᠪᠡᠶᠡᠯᠡᠭᠦᠯᠬᠦ ᠪᠠ ︽ᠳᠤᠯᠤᠭ᠎ᠠ ᠳᠤ ᠠᠩᠬᠠᠷᠤᠯ ᠢᠶᠠᠨ ᠲᠥᠪᠯᠡᠷᠡᠭᠦᠯᠬᠦ︾᠂ 13 ᠬᠤᠪᠢᠶᠠᠷᠢ ᠬᠦᠷᠢᠶ᠎ᠡ ᠬᠡᠪᠴᠢᠶᠡᠨ ᠤ | ᠬᠠᠷᠠᠯᠲᠠ ᠶᠢᠨ ᠠᠬᠢᠴᠠ ᠶᠢᠨ ᠪᠠᠶᠢᠳᠠᠯ ᠲᠠᠢ ᠨᠢᠭᠲᠠ ᠤᠶᠠᠯᠳᠤᠭᠤᠯᠵᠤ᠂ ᠬᠢᠨᠠᠯᠲᠠ ᠲᠠᠯᠪᠢᠬᠤ ᠠᠭᠤᠯᠭ᠎ᠠ ᠶᠢ | ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠢᠶᠠᠨ | ᠲᠥᠪᠯᠡᠷᠡᠭᠦᠯᠦᠨ ᠥᠭᠡᠷᠡᠴᠢᠯᠡᠯᠲᠡ ᠬᠢᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠶᠢ ᠠᠬᠢᠭᠤᠯᠬᠤ ᠬᠡᠷᠡᠭᠳᠡᠢ᠃ | | ᠬᠤᠶᠠᠳᠤᠭᠠᠷ ᠲᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠭᠦᠨᠵᠡᠭᠡᠶᠢᠷᠡᠭᠦᠯᠵᠦ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠠᠵᠢᠯ ᠬᠢᠵᠦ ᠦᠢᠯᠡᠰ ᠪᠣᠰᠬᠠᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠬᠦᠴᠦᠯᠡᠨ ᠠᠬᠢᠭᠤᠯᠬᠤ ᠬᠡᠷᠡᠭᠳᠡᠢ᠃ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠶᠢᠵᠢᠭᠤᠯᠬᠤ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ | ᠠᠭᠤᠯᠭ᠎ᠠ᠂ ᠭᠤᠣᠯᠳᠠᠯᠭ᠎ᠠ ᠲᠠᠢ ᠬᠠᠨᠳᠤᠯᠭ᠎ᠠ ᠶᠢ ᠲᠣᠪᠤᠶᠢᠯᠭᠠᠨ᠂ ᠰᠠᠬᠢᠯᠭ᠎ᠠ ᠪᠠᠲᠤ ᠶᠢᠨ ᠬᠥᠮᠦᠵᠢᠯ ᠤᠨ ᠠᠷᠭ᠎ᠠ ᠮᠠᠶ᠋ᠢᠭ ᠤᠨ | ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ | ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠶᠢ ᠬᠥᠲᠥᠯᠥᠨ ᠵᠢᠯᠣᠭᠤᠳᠬᠤ ᠬᠡᠷᠡᠭᠳᠡᠢ᠃ ᠰᠠᠬᠢᠯᠭ᠎ᠠ ᠪᠠᠲᠤ ᠶᠢ | ᠴᠢᠩᠭ᠎ᠠ ᠬᠡᠷᠡᠭᠵᠢᠭᠦᠯᠬᠦ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠨᠢᠭᠡ ᠶᠢ | ᠢᠯᠡᠷᠡᠭᠦᠯᠪᠡᠯ ᠨᠢᠭᠡ ᠶᠢ ᠪᠠᠶᠢᠴᠠᠭᠠᠨ ᠰᠶᠢᠳᠪᠦᠷᠢᠯᠡᠵᠦ᠂ ᠰᠠᠬᠢᠯᠭ᠎ᠠ ᠪᠠᠲᠤ ᠶᠢᠨ ᠬᠠᠲᠠᠭᠤ ᠴᠢᠨᠠᠷ᠂ ᠲᠥᠪ ᠴᠢᠩᠭ᠎ᠠ ᠴᠢᠨᠠᠷ ᠢ | ᠦᠨᠡᠨ ᠬᠦ ᠬᠠᠮᠠᠭᠠᠯᠠᠬᠤ ᠬᠡᠷᠡᠭᠳᠡᠢ᠃ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠣᠨᠣᠪᠴᠢᠲᠠᠶ ᠬᠡᠷᠡᠭᠯᠡᠬᠦ ᠲᠠᠯ᠎ᠠ ᠪᠠᠷ | ᠪᠠᠬᠢᠵᠢᠭᠦᠯᠦᠨ ᠭᠦᠨᠵᠡᠭᠡᠶᠢᠷᠡᠭᠦᠯᠵᠦ᠂ ᠦᠩᠭᠡᠷᠡᠭᠰᠡᠨ ᠢ ᠨᠢ ᠵᠠᠯᠬᠠᠭᠠᠵᠤ ᠬᠤᠶᠢᠰᠢ ᠳᠤᠨᠢ ᠴᠡᠭᠡᠷᠯᠡᠯ ᠪᠣᠯᠭᠠᠬᠤ᠂ | ᠡᠪᠡᠳᠴᠢᠨ ᠢ ᠨᠢ ᠵᠠᠰᠠᠵᠤ ᠡᠳᠡᠭᠡᠷᠡᠭᠦᠯᠦᠨ ᠠᠪᠬᠤ ᠴᠢᠭᠯᠡᠯᠲᠡ ᠶᠢ ᠲᠤᠭᠤᠰᠢᠯᠠᠭᠤᠯᠤᠨ᠂ ᠱᠠᠲᠤ ᠱᠠᠲᠤ ᠪᠠᠷ ᠰᠡᠷᠭᠡᠶᠢᠯᠡᠬᠦ | ᠦᠢᠯᠡᠳᠦᠯ ᠢ ᠪᠠᠳᠠᠷᠠᠭᠤᠯᠬᠤ ᠬᠡᠷᠡᠭᠳᠡᠢ᠃ | ᠭᠤᠷᠪᠠᠳᠤᠭᠠᠷ ᠲᠤ᠂ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠵᠡᠷᠭᠡ ᠪᠠᠷ ᠪᠠᠶᠢᠴᠠᠭᠠᠵᠤ ᠵᠡᠷᠭᠡ ᠪᠠᠷ | ᠵᠠᠰᠠᠬᠤ ᠲᠣᠭᠲᠡᠴᠡ ᠶᠢ ᠪᠦᠷᠢᠨᠰᠢᠭᠦᠯᠵᠦ᠂ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠬᠦ ᠶᠢ ᠨᠢᠭᠡ ᠴᠣᠭᠴᠠᠵᠢᠭᠤᠯᠤᠨ | ᠭᠦᠨᠵᠡᠭᠡᠶᠢᠷᠡᠭᠦᠯᠬᠦ ᠶᠢ ᠬᠦᠴᠦᠯᠡᠨ ᠠᠬᠢᠭᠤᠯᠬᠤ ᠬᠡᠷᠡᠭᠳᠡᠢ᠃ ︽ᠵᠡᠷᠭᠡ ᠪᠠᠷ ᠪᠠᠶᠢᠴᠠᠭᠠᠬᠤ︾ ᠪᠠᠷ ᠰᠤᠷᠲᠠᠯ ᠪᠠ ᠢᠯᠵᠢᠷᠡᠯ | ᠰᠣᠯᠪᠢᠴᠠᠭᠰᠠᠨ ᠠᠰᠠᠭᠤᠳᠠᠯ ᠢ ᠴᠢᠩᠭ᠎ᠠ ᠰᠶᠢᠳᠭᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ | ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠲᠤᠭᠤᠰᠢᠲᠠᠢ ᠴᠢᠩᠭ᠎ᠠ ᠴᠡᠭᠴᠡᠯᠡᠨ ᠵᠠᠰᠠᠵᠤ᠂ ᠵᠤᠷᠢᠭᠤᠳᠠ | ᠰᠠᠬᠢᠯᠭ᠎ᠠ ᠪᠠᠲᠤ ᠶᠢ ᠵᠥᠷᠢᠴᠡᠬᠦ᠂ ᠳᠠᠯᠳᠠ ᠣᠨᠳᠣᠣᠰᠢᠯ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠦᠨᠳᠦ ᠨᠣᠴᠢᠲᠠᠢ | ᠨᠥᠯᠥᠭᠡᠯᠡᠬᠦ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠵᠡᠷᠭᠡ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠬᠢᠨᠠᠯᠲᠠ ᠶᠢ ᠴᠢᠩᠭᠠᠳᠬᠠᠵᠤ᠂ ᠵᠠᠰᠠᠯᠲᠠ ᠶᠢ ᠭᠦᠨᠵᠡᠭᠡᠶᠢᠷᠡᠭᠦᠯᠬᠦ ᠬᠡᠷᠡᠭᠳᠡᠢ︔ ᠢᠯᠵᠢᠷᠠᠯ ᠢ ᠨᠢᠭᠡ ᠮᠥᠴᠡ | ᠴᠦ ᠵᠣᠭᠰᠣᠯ ᠦᠭᠡᠢ ᠵᠠᠯᠬᠠᠭᠠᠨ ᠰᠶᠢᠳᠭᠡᠵᠦ᠂ ᠤᠯᠤᠰ ᠲᠥᠷᠥ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ | ᠰᠣᠯᠪᠢᠴᠠᠭᠰᠠᠨ ᠢᠯᠵᠢᠷᠠᠯ ᠤᠨ ᠬᠡᠷᠡᠭ ᠢ ᠴᠢᠩᠭ᠎ᠠ ᠪᠠᠶᠢᠴᠠᠭᠠᠵᠤ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ᠂ ᠡᠨᠧᠷᠭᠢ᠂ ᠭᠠᠯ ᠤᠨᠲᠠᠷᠠᠭᠠᠬᠤ᠂ ᠨᠠᠪᠴᠢᠨ ᠲᠠᠮᠠᠬᠢ᠂ ᠡᠮ ᠡᠮᠨᠡᠯᠭᠡ᠂ ᠶᠡᠭᠡ ᠳᠡᠭᠡᠳᠦ ᠰᠤᠷᠭᠠᠭᠤᠯᠢ᠂ | ᠪᠡᠶ᠎ᠡ ᠶᠢᠨ ᠲᠠᠮᠢᠷ᠂ ᠨᠡᠬᠡᠭᠡᠯᠲᠡ ᠶᠢᠨ ᠣᠷᠣᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠵᠡᠷᠭᠡ ᠬᠦᠷᠢᠶᠡᠨ ᠳᠠᠬᠢ ᠰᠢᠰᠲ᠋ᠧᠮ ᠲᠠᠢ ᠴᠡᠭᠴᠡᠯᠡᠨ ᠵᠠᠰᠠᠬᠤ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠵᠤ᠂ ᠰᠢᠨ᠎ᠡ ᠬᠡᠯᠪᠡᠷᠢ ᠶᠢᠨ ᠢᠯᠵᠢᠷᠠᠯ ᠪᠠ ᠲᠠᠯᠳᠠ ᠢᠯᠵᠢᠷᠠᠯ ᠢ ᠢᠯᠡᠷᠡᠭᠦᠯᠬᠦ᠂ ᠭᠡᠷᠡᠴᠢ ᠠᠪᠬᠤ᠂ ᠰᠢᠨᠵᠢ | ᠴᠢᠨᠠᠷ ᠢ ᠲᠣᠭᠲᠠᠭᠠᠬᠤ ᠳᠤ ᠪᠡᠷᠬᠡ ᠰᠡᠳᠦᠪ ᠢ ᠬᠦᠴᠦᠯᠡᠨ ᠰᠶᠢᠳᠪᠦᠷᠢᠯᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ | ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠲᠣᠭᠲᠠᠭᠠᠯ ᠢ ᠵᠥᠷᠢᠴᠡᠨ ᠪᠣᠳᠣᠯᠭ᠎ᠠ ᠲᠣᠭᠲᠠᠭᠠᠭᠠᠳ ᠤᠯᠤᠰ ᠤᠨ | ᠥᠮᠴᠢᠯᠡᠯ ᠤᠨ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠠᠰᠠᠭᠤᠳᠠᠯ ᠢ ᠴᠢᠩᠭ᠎ᠠ ᠪᠠᠶᠢᠴᠠᠭᠠᠨ | ᠰᠶᠢᠳᠪᠦᠷᠢᠯᠡᠵᠦ᠂ ᠬᠡᠵᠢᠶᠡᠳᠡ ᠺᠠᠳ᠋ᠷ ᠢ ᠤᠷᠤᠭᠤ ᠲᠠᠲᠠᠵᠤ᠂ ᠨᠢᠭᠡ ᠲᠠᠯ᠎ᠠ ᠶᠢ ᠬᠤᠬᠢᠷᠠᠭᠤᠯᠳᠠᠭ ᠬᠠᠭ᠋ᠤᠤᠯᠢ ᠲᠦᠯᠬᠢᠭᠴᠢ ᠶᠢ | ᠡᠷᠡᠰ ᠪᠠᠶᠢᠴᠠᠭᠠᠨ ᠰᠶᠢᠳᠪᠦᠷᠢᠯᠡᠵᠦ᠂ ᠬᠢᠯᠢ ᠠᠯᠤᠰᠯᠠᠭᠰᠠᠨ ᠢᠯᠵᠢᠷᠠᠯ ᠢ ᠵᠠᠰᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ | ︽ᠵᠡᠷᠭᠡ ᠪᠠᠷ ᠵᠠᠰᠠᠬᠤ︾ ᠪᠠᠷ ᠰᠤᠷᠲᠠᠯ ᠪᠠ ᠢᠯᠵᠢᠷᠠᠯ ᠤᠨ ᠨᠡᠶᠢᠲᠡᠯᠢᠭ ᠴᠢᠨᠠᠷ ᠤᠨ ᠦᠨᠳᠦᠰᠦ ᠰᠤᠷᠪᠤᠯᠵᠢ ᠶᠢ ᠠᠷᠢᠯᠭᠠᠵᠤ᠂ | ᠤᠳᠤᠷᠢᠳᠬᠤ ᠺᠠᠳ᠋ᠷ ᠤᠨ ᠬᠠᠨᠢ ᠨᠦᠬᠦᠷ᠂ ᠦᠷ᠎ᠡ ᠬᠡᠦᠬᠡᠳ ᠵᠢᠴᠢ ᠲᠡᠳᠡᠨ ᠤ ᠬᠠᠨᠢ ᠨᠦᠬᠦᠷ ᠤᠨ ᠲᠣᠭᠲᠠᠭᠠᠯ ᠠᠴᠠ | ᠵᠥᠷᠢᠴᠡᠨ ᠬᠤᠳᠠᠯᠳᠤᠭ᠎ᠠ ᠬᠢᠵᠦ ᠠᠵᠤ ᠠᠬᠤᠶᠢᠯᠠᠯ ᠡᠷᠭᠢᠯᠡᠭᠰᠡᠨ ᠵᠡᠷᠭᠡ ᠪᠠᠶᠢᠳᠠᠯ ᠢ ᠴᠠᠭ ᠲᠤᠬᠠᠢ ᠳᠤᠨᠢ ᠤᠷᠢᠳᠴᠢᠯᠠᠨ | ᠰᠡᠷᠡᠮᠵᠢᠯᠡᠭᠦᠯᠵᠦ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠤᠭᠰᠠᠨ᠂ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠵᠣᠬᠢᠶᠠᠨ ᠪᠠᠶᠢᠭᠤᠯᠤᠨ ᠵᠣᠬᠢᠴᠠᠭᠤᠯᠤᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ | ᠬᠠᠮᠵᠢᠯᠴᠠᠨ ᠬᠥᠳᠡᠯᠦᠯᠴᠡᠭᠰᠡᠨ ᠤᠯᠤᠰ ᠲᠦᠷᠦ ᠶᠢᠨ ᠠᠮᠢ ᠠᠬᠤᠢ ᠶᠢ ᠵᠠᠳᠠᠯᠤᠨ ᠰᠤᠳᠤᠯᠵᠤ ᠮᠠᠭᠠᠳᠯᠠᠬᠤ ᠲᠣᠭᠲᠡᠴᠡ ᠶᠢ | ᠪᠠᠶᠢᠭᠤᠯᠬᠤ ᠶᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠬᠠᠭ᠋ᠤᠤᠯᠢ ᠲᠦᠯᠬᠢᠭᠴᠢ ᠶᠢ ᠬᠠᠮᠲᠤᠷᠠᠨ ᠵᠠᠯᠬᠠᠭᠠᠨ | ᠴᠡᠭᠡᠷᠯᠡᠭᠦᠯᠬᠦ ᠲᠣᠭᠲᠡᠴᠡ ᠶᠢ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ | ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2025-2027 ᠣᠨ︶ ᠢᠢ ᠲᠣᠭᠲᠠᠭᠠᠵᠤ᠂ | ᠳᠤᠮᠳᠠᠳᠤ ᠤᠯᠤᠰ ᠤᠨ ᠢᠯᠵᠢᠷᠠᠯ ᠢ ᠡᠰᠡᠷᠭᠦᠴᠡᠭᠰᠡᠨ ᠦᠯᠢᠭᠡᠷ ᠢ ᠰᠠᠶᠢᠲᠤᠷ ᠶᠠᠷᠢᠬᠤ ᠬᠡᠷᠡᠭᠳᠡᠢ᠃ ︽ᠪᠠᠶᠢᠴᠠᠭᠠᠬᠤ︾᠂ ︽ | ᠵᠠᠰᠠᠬᠤ︾ ᠢᠢ ᠨᠡᠪᠲᠡᠷᠡᠭᠦᠯᠬᠦ ᠪᠠᠷ ᠰᠤᠷᠲᠠᠯ ᠪᠠ ᠢᠯᠵᠢᠷᠡᠯ ᠤᠨ ᠬᠤᠪᠢᠰᠤᠯᠲᠠ ᠶᠢ ᠬᠤᠷᠢᠭᠯᠠᠵᠤ᠂ ᠲᠥᠪ ᠪᠤᠰᠤ ᠰᠤᠷᠲᠠᠯ | ᠪᠣᠯᠣᠨ ᠢᠯᠵᠢᠷᠡᠯ ᠤᠨ ᠠᠰᠠᠭᠤᠳᠠᠯ ᠢ ᠵᠡᠷᠭᠡ ᠪᠠᠷ ᠪᠠᠶᠢᠴᠠᠭᠠᠵᠤ ᠵᠡᠷᠭᠡ ᠪᠠᠷ ᠵᠠᠰᠠᠬᠤ ᠶᠢ ᠠᠬᠢᠭᠤᠯᠬᠤ ᠲᠤᠬᠠᠢ ᠰᠠᠨᠠᠯ ᠢ | ᠲᠣᠭᠲᠠᠭᠠᠵᠤ᠂ ᠲᠣᠮᠣ ᠳ᠋ᠠᠶᠢᠲ᠋ᠠ ᠶᠢᠨ ᠮᠡᠳᠡᠭᠡ ᠵᠠᠩᠭᠢᠵᠢᠯᠲᠠ ᠪᠠᠷ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠬᠦ ᠳᠤ | ᠴᠢᠳᠠᠪᠬᠢ ᠤᠯᠭᠤᠬᠤ ᠬᠡᠷᠡᠭᠳᠡᠢ᠃ | ᠳᠥᠷᠪᠡᠳᠦᠭᠡᠷ ᠲᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ | ᠦᠷᠭᠦᠯᠵᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ | ᠥᠷᠭᠡᠨ ᠤᠯᠠᠨ ᠲᠦᠮᠡᠨ ᠳᠤ ᠨᠡᠩ ᠰᠠᠶᠢᠨ ᠨᠡᠩ ᠭᠤᠣᠯᠴᠢ ᠪᠠᠷ ᠬᠦᠷᠲᠡᠭᠡᠬᠦ ᠶᠢ ᠬᠦᠴᠦᠯᠡᠨ ᠠᠬᠢᠭᠤᠯᠬᠤ ᠬᠡᠷᠡᠭᠳᠡᠢ᠃ ︽ | ᠪᠠᠭ᠎ᠠ ᠱᠠᠮᠰᠢᠯ ᠪᠢᠴᠢᠯ ᠢᠯᠵᠢᠷᠠᠯ︾ ᠢ ᠦᠷᠭᠦᠯᠵᠢᠯᠡᠨ ᠵᠠᠯᠬᠠᠭᠠᠨ ᠰᠶᠢᠳᠬᠡᠬᠦ ᠪᠠᠷ ᠬᠦᠴᠦᠯᠡᠵᠦ᠂ ᠰᠢᠶᠠᠨ ᠠᠴᠠ ᠳᠣᠷᠣᠭᠰᠢᠬᠢ | ᠡᠨᠡ ᠬᠦ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠤᠷᠠᠢ ᠭᠤᠭᠴᠤᠭ᠎ᠠ ᠶᠢ ᠦᠷᠭᠦᠯᠵᠢᠯᠡᠨ | ᠠᠳᠬᠤᠬᠤ ᠬᠡᠷᠡᠭᠳᠡᠢ᠃ ︽ᠰᠤᠷᠭᠠᠭᠤᠯᠢ ᠶᠢᠨ ᠬᠦᠷᠢᠶᠡᠨ ᠤ ᠬᠤᠭᠤᠯᠠ︾᠂ ᠬᠥᠳᠡᠭᠡ ᠲᠣᠰᠬᠤᠨ ᠤ ᠬᠠᠮᠲᠤ ᠶᠢᠨ ︽ᠪᠡᠯᠡ | ᠮᠥᠩᠭᠦ᠂ ᠡᠳ᠋ ᠬᠦᠷᠦᠩᠭᠡ᠂ ᠡᠬᠢ ᠪᠠᠶᠠᠯᠢᠭ︾ ᠤᠨ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠨ ᠬᠠᠮᠢᠶᠠᠷᠤᠯᠲᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ | ᠬᠠᠮᠢᠶᠠᠷᠤᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠲᠠᠯ᠎ᠠ ᠶᠢᠨ ᠲᠣᠪᠤᠶᠢᠮ᠎ᠠ ᠠᠰᠠᠭᠤᠳᠠᠯ ᠤᠨ | ᠵᠠᠰᠠᠯᠲᠠ ᠶᠢ ᠭᠦᠨᠵᠡᠭᠡᠶᠢᠷᠡᠭᠦᠯᠵᠦ᠂ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠢᠷᠠᠯ ᠤᠨ ᠰᠠᠮᠠᠭᠤᠨ ᠪᠠᠶᠢᠳᠠᠯ ᠢ ᠴᠡᠭᠴᠡᠯᠡᠨ | ᠵᠠᠰᠠᠬᠤ ᠲᠤᠰᠬᠠᠢ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠬᠤ ᠬᠡᠷᠡᠭᠳᠡᠢ᠃ ᠡᠯ᠎ᠡ ᠭᠠᠵᠠᠷ ᠤᠨ ᠬᠢᠨ ᠤ ᠠᠷᠠᠳ ᠤᠨ | ᠠᠮᠢᠳᠤᠷᠠᠯ ᠤᠨ ᠲᠦᠪᠡᠭᠲᠡᠢ ᠬᠦᠴᠢᠷᠳᠡᠯ ᠲᠠᠢ ᠪᠠᠶᠢᠳᠠᠯ ᠢ ᠰᠣᠩᠭᠤᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠵᠢᠭᠠᠨ ᠵᠢᠯᠤᠭᠤᠳᠴᠤ᠂ ᠤᠯᠠᠨ ᠲᠦᠮᠡᠨ ᠳᠤ ᠪᠠᠶᠠᠷᠲᠦ ᠰᠡᠳᠬᠢᠭᠳᠡᠯ ᠤᠯᠭᠤᠬᠤ | ᠬᠡᠷᠡᠭᠳᠡᠢ᠃ | ᠲᠠᠪᠤᠳᠤᠭᠠᠷ ᠲᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ | ᠲᠣᠭᠤᠷᠢᠨ ᠪᠠᠶᠢᠴᠠᠭᠠᠯᠲᠠ ᠶᠢᠨ ᠨᠡᠩ ᠣᠨᠣᠪᠴᠢᠲᠠᠢ ᠪᠠᠷ ᠠᠰᠠᠭᠤᠳᠠᠯ ᠢ ᠢᠯᠡᠷᠡᠭᠦᠯᠬᠦ᠂ ᠪᠦᠲᠦᠮᠵᠢᠲᠡᠢ ᠪᠠᠷ ᠠᠰᠠᠭᠤᠳᠠᠯ ᠢ | ᠰᠢᠢᠳᠪᠦᠷᠢᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠪᠣᠳᠠᠲᠠᠢ | ᠬᠢᠵᠦ᠂ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠵᠦ ᠪᠠᠶᠢᠭ᠎ᠠ ᠭᠤᠣᠯ ᠵᠥᠷᠢᠴᠡᠯ᠂ ᠥᠭᠡᠷᠡᠴᠢᠯᠡᠯᠲᠡ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤᠮᠳᠠᠬᠢ ᠴᠢᠬᠤᠯᠠ ᠶᠡᠭᠡ ᠬᠡᠯᠪᠠᠶᠢᠭᠦᠦ ᠳᠠᠯ᠎ᠠ ᠶᠢ ᠭᠦᠨᠵᠡᠭᠡᠢ ᠡᠷᠢᠬᠦ ᠬᠡᠷᠡᠭᠲᠡᠢ᠃ | ᠵᠤᠷᠰᠢᠯᠳᠤ ᠲᠣᠭᠤᠷᠢᠨ ᠪᠠᠶᠢᠴᠠᠭᠠᠯᠲᠠ᠂ ᠲᠤᠰᠬᠠᠢ ᠲᠣᠭᠤᠷᠢᠨ ᠪᠠᠶᠢᠴᠠᠭᠠᠯᠲᠠ᠂ ᠬᠥᠳᠡᠯᠦᠩᠭᠦᠢ ᠲᠣᠭᠤᠷᠢᠨ ᠪᠠᠶᠢᠴᠠᠭᠠᠯᠲᠠ | ᠪᠠ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠠᠵᠢᠯ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ | ᠲᠥᠯᠥᠪᠵᠢᠭᠦᠯᠵᠦ᠂ ᠲᠡᠰ ᠦᠰᠭᠡᠵᠦ ᠲᠣᠭᠤᠷᠢᠨ ᠪᠠᠶᠢᠴᠠᠭᠠᠬᠤ ᠶᠢ ᠠᠮᠢᠳᠤᠯᠢᠭ ᠢᠶᠠᠷ ᠥᠷᠨᠢᠭᠦᠯᠬᠦ ᠬᠡᠷᠡᠭᠲᠡᠢ᠃ ᠲᠥᠪ ᠤᠨ | ᠨᠢᠭᠡᠴᠢ ᠶᠢᠨ ᠳᠣᠲᠣᠭᠠᠳᠤ ᠳᠠᠭᠠᠨ ᠲᠣᠭᠤᠷᠢᠨ ᠪᠠᠶᠢᠴᠠᠭᠠᠬᠤ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠲᠣᠰᠬᠤᠨ ᠳᠤ | ᠲᠣᠭᠤᠷᠢᠨ ᠪᠠᠶᠢᠴᠠᠭᠠᠬᠤ ᠠᠵᠢᠯ ᠢ ᠭᠦᠨᠵᠡᠭᠡᠢ ᠠᠬᠢᠭᠤᠯᠬᠤ ᠬᠡᠷᠡᠭᠳᠡᠢ᠃ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠳᠦᠮᠵᠢᠳᠦ | ᠴᠢᠨᠠᠷ ᠢ ᠴᠢᠩᠭᠠᠳᠬᠠᠬᠤ ᠬᠡᠷᠡᠭᠲᠡᠢ᠃ | ᠵᠢᠷᠭᠤᠳᠤᠭᠠᠷ ᠲᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢᠨ | ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠦᠷᠢᠮ ᠤᠨ ᠵᠢᠷᠤᠮᠵᠢᠯ ᠤᠨ | ᠰᠢᠰᠲ᠋ᠧᠮ ᠢ ᠲᠡᠭᠦᠯᠳᠡᠷᠵᠢᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ | ᠥᠭᠡᠷᠡᠴᠢᠯᠡᠯᠲᠡ ᠶᠢᠨ ᠲᠤᠬᠠᠶ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠳᠣᠲᠣᠭᠠᠳᠤ ᠶᠢᠨ | ᠪᠠᠶᠢᠭᠤᠯᠤᠮᠵᠢ᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠪ ᠠᠴᠠ | ᠬᠠᠮᠢᠶᠠᠷᠴᠤ ᠪᠠᠶᠢᠭ᠎ᠠ ᠠᠵᠤ ᠠᠬᠤᠶᠢᠯᠠᠯ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠢ ᠪᠥᠬᠦ | ᠲᠠᠯ᠎ᠠ ᠪᠠᠷ ᠲᠣᠮᠢᠯᠠᠨ ᠰᠠᠭᠤᠯᠭᠠᠬᠤ ᠶᠢ ᠪᠡᠶᠡᠯᠡᠭᠦᠯᠵᠦ᠂ ᠲᠣᠮᠢᠯᠠᠨ ᠰᠠᠭᠤᠯᠭᠠᠭᠰᠠᠨ ᠬᠤᠯᠪᠣᠭᠳᠠᠯ ᠪᠥᠬᠦᠶ ᠪᠠᠶᠢᠭᠤᠯᠤᠮᠵᠢ ᠠᠴᠠ | ᠰᠠᠭᠤᠭ᠎ᠠ ᠨᠢᠭᠡᠴᠢ ᠶᠢᠨ ᠳᠤᠤᠷ᠎ᠠ ᠨᠢᠭᠡ ᠱᠠᠲᠤᠨ ᠤ ᠨᠢᠭᠡᠴᠢ᠂ ᠶᠠᠮᠤᠨ ᠤ ᠬᠠᠷᠢᠶ᠎ᠠ ᠶᠡᠭᠡ ᠳᠡᠭᠡᠳᠦ ᠰᠤᠷᠭᠠᠭᠤᠯᠢ ᠪᠠ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠤᠳᠤᠷᠢᠳᠬᠤ ᠪᠠᠭ ᠢ ᠬᠠᠮᠢᠶᠠᠷᠴᠤ ᠪᠠᠶᠢᠭ᠎ᠠ ᠲᠥᠪ ᠤᠨ ᠠᠵᠤ ᠠᠬᠤᠶᠢᠯᠠᠯ ᠳᠤ ︽ᠳᠠᠬᠢᠨ ᠲᠣᠮᠢᠯᠠᠬᠤ︾ ᠢᠢ | ᠠᠬᠢᠭᠤᠯᠬᠤ ᠬᠡᠷᠡᠭᠳᠡᠢ᠃ ᠨᠠᠮ ᠤᠨ ᠲᠥᠪ ᠬᠤᠷᠢᠶ᠎ᠠ ᠠᠴᠠ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠶᠢᠨ ᠲᠤᠤᠷᠠᠳᠤ ᠱᠠᠲᠤᠨ ᠤ ︽ᠨᠢᠭᠡᠳᠦᠭᠡᠷ ᠬᠠᠷᠢᠭᠤᠴᠠᠯᠭᠠᠳᠠᠨ︾ ᠳᠤ ᠬᠢᠨᠠᠯᠲᠠ ᠲᠠᠯᠪᠢᠵᠤ ᠶᠠᠷᠢᠯᠴᠠᠬᠤ ᠠᠵᠢᠯ ᠥᠷᠨᠢᠭᠦᠯᠬᠦ | ᠠᠷᠭ᠎ᠠ ᠶᠢ ᠲᠣᠭᠲᠠᠭᠠᠵᠤ᠂ ᠬᠢᠯᠢ ᠠᠯᠤᠰᠯᠠᠭᠰᠠᠨ ᠢᠯᠵᠢᠷᠠᠯ ᠢ ᠡᠰᠡᠷᠭᠦᠴᠡᠬᠦ ᠬᠠᠤᠯᠢ ᠶᠢ ᠲᠤᠭᠤᠷᠪᠢᠬᠤ ᠳᠤ ᠬᠠᠮᠵᠢᠬᠤ | ᠬᠡᠷᠡᠭᠳᠡᠢ᠃ ᠨᠠᠮ ᠤᠨ ᠳᠣᠲᠣᠭᠠᠳᠤ ᠶᠢᠨ ᠬᠢᠨᠠᠯᠲᠠ ᠪᠠᠷ ᠤᠳᠤᠷᠢᠳᠤᠮᠵᠢ ᠪᠣᠯᠭᠠᠵᠤ᠂ ᠲᠤᠰᠬᠠᠢ ᠬᠠᠷᠢᠭᠤᠴᠠᠯᠭᠠᠲᠤ | ᠬᠢᠨᠠᠯᠲᠠ ᠪᠠᠷ ᠭᠤᠣᠯ ᠪᠤᠯᠭᠠᠵᠤ᠂ ᠦᠨᠳᠦᠰᠦᠨ ᠱᠠᠲᠤᠨ ᠤ ᠬᠢᠨᠠᠯᠲᠠ ᠪᠠᠷ ᠲᠤᠯᠭᠠᠭᠤᠷᠢᠯᠠᠯ ᠪᠣᠯᠭᠠᠵᠤ᠂ ᠡᠯ᠎ᠡ ᠲᠦᠷᠦᠯ ᠤᠨ | ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠪᠠᠷ ᠪᠠᠲᠤᠯᠠᠭ᠎ᠠ ᠪᠣᠯᠭᠠᠵᠤ᠂ ᠨᠠᠮ ᠪᠠ ᠤᠯᠤᠰ ᠤᠨ ᠬᠢᠨᠠᠯᠲᠠ ᠲᠠᠯᠪᠢᠬᠤ | ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠬᠤ ᠬᠡᠷᠡᠭᠳᠡᠢ᠃ | ᠳᠣᠯᠣᠳᠤᠭᠠᠷ ᠲᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠴᠢᠩᠭᠠᠳᠬᠠᠵᠤ᠂ ᠴᠢᠩᠭ᠎ᠠ ᠦᠨᠳᠦᠰᠦᠨ ᠬᠦᠭ ᠠᠶᠠᠰ ᠢ ᠢᠮᠠᠭᠲᠠ ᠲᠤᠭᠤᠰᠢᠳᠠᠢ ᠬᠡᠷᠡᠭᠵᠢᠭᠦᠯᠬᠦ ᠶᠢ ᠬᠦᠴᠦᠯᠡᠨ ᠠᠬᠢᠭᠤᠯᠬᠤ | ᠬᠡᠷᠡᠭᠲᠡᠢ᠃ ︽ᠬᠤᠶᠠᠷ ᠬᠠᠷᠢᠭᠤᠴᠠᠯᠭ᠎ᠠ︾ ᠶᠢᠨ ᠬᠥᠲᠥᠯᠪᠦᠷᠢ ᠶᠢ ᠠᠳᠬᠤᠵᠤ ᠠᠯᠢᠪᠠ ᠪᠦᠬᠦᠨ ᠢ ᠳᠠᠭᠠᠭᠤᠯᠵᠤ᠂ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠤᠯ ᠴᠣᠭᠴᠠ ᠶᠢᠨ ᠬᠠᠷᠢᠭᠤᠴᠠᠯᠭ᠎ᠠ᠂ ᠡᠭᠦᠷᠭᠡ ᠴᠢᠳᠠᠮᠵᠢᠳᠤ | ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ | ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ︶ ᠢᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠠᠳᠠᠯᠢ ᠴᠢᠭᠯᠡᠯ ᠢᠶᠠᠷ | ᠬᠦᠴᠦᠯᠡᠬᠦ ᠶᠢ ᠠᠬᠢᠭᠤᠯᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠬᠦ᠂ ᠨᠢᠭᠡᠳᠦᠯᠲᠡᠶ ᠵᠣᠬᠢᠴᠠᠭᠤᠯᠬᠤ ᠨᠠᠮ ᠢ | ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠪᠠᠶᠢᠷᠢᠰᠢᠯ ᠢ ᠪᠦᠷᠢᠨᠰᠢᠭᠦᠯᠬᠦ ᠬᠡᠷᠡᠭᠳᠡᠢ᠃ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠱᠠᠯᠠᠪᠳᠠᠭᠤᠯᠤᠨ ᠰᠢᠰᠲ᠋ᠧᠮᠳᠦ ᠰᠡᠳᠭᠢᠬᠦᠶ᠂ ᠰᠢᠨᠵᠢᠯᠡᠬᠦ ᠤᠬᠠᠭᠠᠨᠴᠢ ᠠᠷᠭ᠎ᠠ ᠪᠠᠷ ᠨᠠᠮ ᠢ | ᠬᠠᠮᠢᠶᠠᠷᠴᠤ ᠨᠠᠮ ᠢ ᠵᠠᠰᠠᠬᠤ ᠶᠢ ᠠᠬᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠢ ᠤᠯᠠᠮ ᠨᠢᠭᠡ | ᠠᠯᠬᠤᠮ ᠪᠦᠷᠢᠨᠰᠢᠬᠦᠯᠬᠦ ᠬᠡᠷᠡᠭᠳᠡᠢ᠃ | ᠨᠠᠢᠮᠠᠳᠤᠭᠠᠷ ᠲᠤ᠂ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠤᠮᠵᠢᠭᠤᠯᠤᠯᠲᠠ | ᠬᠠᠤᠯᠢᠵᠢᠭᠤᠯᠤᠯᠲᠠ ᠵᠢᠩᠬᠢᠨᠢᠴᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠥᠷᠨᠢᠭᠦᠯᠵᠦ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠦᠬᠦᠨ ᠢ ᠢᠯᠠᠭᠴᠢ ᠴᠡᠷᠢᠭ ᠠᠩᠬᠢ ᠶᠢᠨ ᠪᠠᠶᠢᠭᠤᠯᠤᠯᠲᠠ ᠶᠢᠨ ᠰᠢᠨ᠎ᠡ | ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠬᠤ ᠬᠡᠷᠡᠭᠳᠡᠢ᠃ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ | ᠢᠲᠡᠭᠡᠯ ᠪᠢᠰᠢᠷᠡᠯ ᠢ ᠪᠢᠰᠢᠷᠡᠨ ᠵᠢᠷᠦᠬᠡᠰᠢᠶᠡᠵᠦ᠂ ᠵᠣᠬᠢᠶᠠᠨ ᠪᠠᠶᠢᠭᠤᠯᠤᠯᠲᠠ ᠶᠢ ᠪᠢᠰᠢᠷᠡᠨ ᠵᠢᠷᠦᠬᠡᠰᠢᠶᠡᠵᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠲᠠᠷᠢᠬᠢ ᠲᠣᠯᠣᠭᠠᠶ ᠪᠠᠨ ᠵᠡᠪᠰᠡᠭᠯᠡᠵᠦ᠂ ︽ᠬᠤᠶᠠᠷ ᠢ ᠲᠤᠭᠳᠠᠭᠠᠭᠰᠠᠨ︾ ᠢ ᠢᠮᠠᠭᠲᠠ ᠭᠤᠶᠢᠪᠢᠰᠢ ᠥᠬᠡᠶ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠢᠮᠠᠭᠲᠠ ᠭᠤᠶᠢᠪᠢᠰᠢ ᠥᠬᠡᠶ | ᠡᠪᠦᠷᠯᠡᠵᠦ᠂ ᠠᠵᠢᠯ ᠢᠶᠠᠨ ᠤᠬᠠᠮᠰᠠᠷ ᠠᠴᠠ ᠪᠠᠨ ᠨᠠᠮ ᠪᠣᠯᠤᠨ ᠤᠯᠤᠰ ᠤᠨ ᠶᠡᠭᠡ ᠲᠠᠯ᠎ᠠ ᠳᠤ ᠲᠠᠯᠪᠢᠵᠤ ᠲᠥᠯᠥᠪᠵᠢᠭᠦᠯᠦᠨ | ᠠᠬᠢᠭᠤᠯᠬᠤ ᠬᠡᠷᠡᠭᠳᠡᠢ᠃ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠪᠢᠰᠢᠷᠡᠨ | ᠵᠢᠷᠦᠬᠡᠰᠢᠶᠡᠵᠦ᠂ ᠡᠭᠦᠷᠭᠡ ᠬᠠᠷᠢᠭᠤᠴᠠᠯᠭ᠎ᠠ ᠶᠢ ᠪᠢᠰᠢᠷᠡᠨ ᠵᠢᠷᠦᠬᠡᠰᠢᠶᠡᠵᠦ᠂ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ | ᠪᠠᠲᠤ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂ ᠦᠨᠡᠨ ᠠᠴᠠ ᠵᠥᠪ ᠢ ᠡᠷᠢᠬᠦ ᠠᠮᠢ ᠨᠠᠰᠤᠨ ᠤ ᠱᠤᠭᠤᠮ ᠢ ᠪᠠᠲᠤ ᠰᠠᠬᠢᠵᠤ | ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ ᠵᠢᠷᠤᠮᠯᠠᠵᠤ᠂ ᠲᠦᠷᠦ ᠶᠢᠨ ᠪᠤᠳᠤᠯᠭ᠎ᠠ ᠠᠷᠭ᠎ᠠ | ᠪᠤᠳᠤᠯᠭ᠎ᠠ ᠶᠢ ᠵᠥᠪ ᠡᠵᠡᠮᠳᠡᠵᠦ᠂ ᠤᠨᠤᠪᠴᠢᠲᠠᠢ ᠪᠠᠷ ᠴᠢᠨᠠᠷ ᠢ ᠨᠢ ᠲᠤᠭᠲᠠᠭᠠᠵᠤᠰᠠᠬᠢᠯᠭᠠ ᠪᠠᠲᠤ ᠶᠢ ᠵᠦᠷᠢᠴᠡᠭᠰᠡᠨ | ᠬᠡᠮᠵᠢᠶᠡᠨ ᠳᠤᠨᠢ ᠲᠤᠬᠢᠷᠠᠭᠤᠯᠤᠨ ᠬᠠᠤᠯᠢ ᠬᠡᠷᠡᠭᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ | ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠺᠠᠳ᠋ᠷ ᠢ ᠰᠣᠩᠭᠤᠨ ᠬᠥᠮᠦᠵᠢᠭᠦᠯᠵᠦ ᠬᠡᠷᠡᠭᠯᠡᠬᠦ | ᠲᠣᠭᠲᠠᠴᠠ ᠶᠢ ᠰᠢᠯᠢᠳᠡᠭᠵᠢᠭᠦᠯᠬᠦ ᠬᠡᠷᠡᠭᠳᠡᠢ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠡᠷᠬᠡ ᠶᠢ ᠪᠢᠰᠢᠷᠡᠨ | ᠵᠢᠷᠦᠬᠡᠰᠢᠶᠡᠵᠦ ᠠᠷᠠᠳ ᠲᠦᠮᠡᠨ ᠢ ᠪᠢᠰᠢᠷᠡᠨ ᠵᠢᠷᠦᠬᠡᠰᠢᠶᠡᠵᠦ᠂ ᠲᠡᠮᠡᠴᠡᠯ ᠤᠨ ᠵᠣᠷᠢᠭ ᠰᠠᠨᠠᠭ᠎ᠠ᠂ ᠬᠠᠷᠢᠭᠤᠴᠠᠯᠭ᠎ᠠ ᠡᠭᠦᠷᠭᠡᠯᠡᠬᠦ | ᠵᠣᠷᠢᠭ ᠰᠠᠨᠠᠭ᠎ᠠ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠢᠬᠤᠯᠠ ᠶᠡᠭᠡ ᠤᠯᠤᠰ ᠲᠦᠷᠦ ᠶᠢᠨ ᠵᠠᠷᠴᠢᠮ | ᠪᠠ ᠵᠥᠪ ᠪᠤᠷᠤᠭᠤ ᠶᠢᠨ ᠠᠰᠠᠭᠤᠳᠠᠯ ᠳᠡᠭᠡᠷ᠎ᠡ ᠵᠣᠷᠢᠭᠲᠠᠢ ᠪᠠᠷ ᠦᠵᠡᠯᠴᠡᠵᠦ᠂ ᠵᠣᠷᠢᠭᠲᠠᠢ ᠪᠠᠷ ᠰᠡᠯᠡᠮ᠎ᠡ ᠭᠠᠷᠭᠠᠵᠤ᠂ ᠨᠠᠮ | ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠳᠡᠢ᠃ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠪᠢᠰᠢᠷᠡᠨ ᠵᠢᠷᠦᠬᠡᠰᠢᠶᠡᠵᠦ᠂ | ᠬᠠᠤᠯᠢ ᠴᠠᠭᠠᠵᠠ ᠶᠢ ᠪᠢᠰᠢᠷᠡᠨ ᠵᠢᠷᠦᠬᠡᠰᠢᠶᠡᠵᠦ᠂ ᠴᠢᠩᠭ᠎ᠠ ᠬᠠᠮᠢᠶᠠᠷᠤᠯᠲᠠ ᠪᠠᠷ ᠴᠢᠩᠭ᠎ᠠ ᠬᠢᠵᠠᠭᠠᠷᠯᠠᠵᠤ᠂ ᠴᠢᠩᠭ᠎ᠠ | ᠵᠠᠯᠬᠠᠭᠠᠯ ᠢᠶᠠᠷ ᠴᠢᠩᠭ᠎ᠠ ᠰᠦᠷᠳᠡᠭᠦᠯᠵᠦ᠂ ᠬᠠᠶᠢᠷ᠎ᠠ ᠬᠠᠯᠠᠮᠵᠢ ᠪᠠᠷ ᠬᠥᠮᠦᠰ ᠤᠨ ᠰᠡᠳᠭᠢᠯ ᠢ ᠳᠤᠯᠠᠭᠠᠴᠠᠭᠤᠯᠵᠤ᠂ ᠡᠳᠦᠷ | ᠲᠤᠳᠤᠮ ᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠤᠯᠠᠨ ᠢ ᠲᠦᠢᠪᠡᠭᠡᠭᠴᠢ ᠶᠢ ᠡᠷᠡᠰ ᠠᠷᠢᠯᠭᠠᠵᠤ᠂ ᠨᠡᠩ | ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠬᠦ᠂ ᠵᠣᠷᠢᠭᠲᠠᠢ ᠪᠥᠭᠡᠳ ᠴᠢᠳᠠᠮᠠᠭᠠᠢ ᠲᠡᠮᠡᠴᠡᠬᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠦᠬᠦᠨ ᠢ | ᠢᠯᠠᠭᠴᠢ ᠴᠡᠷᠢᠭ ᠠᠩᠬᠢ ᠶᠢ ᠪᠠᠶᠢᠭᠤᠯᠬᠤ ᠬᠡᠷᠡᠭᠲᠡᠢ ᠭᠡᠵᠦ ᠲᠤᠷᠠᠳᠪᠠ᠃ | ᠪᠥᠬᠦᠳᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ | ᠤᠷᠤᠭᠰᠢᠯᠠᠵᠤ᠂ ᠡᠭᠦᠷᠢᠳᠡ ᠴᠥᠬᠦᠷᠡᠰᠢ ᠥᠬᠡᠶ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠰᠢᠨ᠎ᠡ | ᠠᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠤᠷᠢᠶᠠᠯᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 8 ᠤ ᠴᠠᠬᠢᠯᠭᠠᠨ ᠮᠡᠳᠡᠭᠡ︶ | |