ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠲᠥᠪᠡᠳ ᠤᠨ ᠲᠢᠩᠷᠢ ᠶᠢᠨ ᠭᠠᠵᠠᠷ ᠬᠦᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/1/10
   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠡᠭᠭᠤ ᠶᠢᠨ ᠬᠤᠷᠢᠶ᠎ᠠ 1 ᠰᠠᠷ᠎ᠠ ᠶᠢᠨ 9 ᠤ ᠡᠳᠦᠷ ᠬᠤᠷᠠᠯ ᠬᠤᠷᠠᠯᠳᠤᠭᠤᠯᠵᠤ᠂ ᠲᠥᠪᠡᠳ ᠤᠨ ᠲᠢᠩᠷᠢ ᠶᠢᠨ ᠭᠠᠵᠠᠷ ᠬᠦᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ᠃   ᠬᠤᠷᠠᠯ ᠠᠴᠠ᠂ ᠲᠥᠪᠡᠳ ᠤᠨ ᠲᠢᠩᠷᠢ ᠳᠤ 6.8 ᠲᠡᠰ ᠤᠨ ᠭᠠᠵᠠᠷ ᠬᠥᠳᠡᠯᠦᠯᠲᠡ ᠡᠭᠦᠰᠦᠭᠰᠡᠨ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠬᠤᠯᠪᠣᠭᠳᠠᠯ ᠪᠦᠬᠦᠢ ᠣᠷᠣᠨ ᠨᠤᠲᠤᠭ ᠪᠣᠯᠣᠨ ᠰᠠᠯᠠᠭ᠎ᠠ ᠮᠥᠴᠢᠷ ᠤᠨ ᠲᠤᠰᠬᠠᠯ ᠲᠦᠷᠭᠡᠨ᠂ ᠵᠣᠬᠢᠶᠠᠨ ᠪᠠᠶᠢᠭᠤᠯᠤᠯᠲᠠ ᠬᠦᠴᠦᠲᠡᠢ ᠪᠠᠶᠢᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠪᠦᠯᠬᠦᠮᠳᠡᠨ ᠲᠡᠮᠡᠴᠡᠵᠦ᠂ ᠢᠯᠠᠩᠭᠤᠶ᠎ᠠ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ᠂ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠪᠣᠯᠣᠨ ᠲᠥᠪ ᠤᠨ ᠠᠵᠤ ᠠᠬᠤᠶᠢᠯᠠᠯ ᠵᠡᠷᠭᠡ ᠠᠪᠤᠷᠠᠨ ᠲᠤᠰᠠᠯᠠᠬᠤ ᠬᠦᠴᠦᠨ ᠨᠢ ᠬᠠᠬᠢᠷ ᠬᠦᠢᠲᠡᠨ ᠪᠦᠭᠡᠳ ᠬᠦᠴᠢᠯᠲᠥ᠋ᠷᠥᠭᠴᠢ ᠳᠤᠲᠠᠭᠳᠠᠬᠤ ᠬᠦᠴᠢᠷᠳᠡᠯ ᠢ ᠢᠯᠠᠨ ᠳᠠᠪᠠᠵᠤ᠂ ᠴᠠᠭ ᠮᠥᠴᠡ ᠶᠢ ᠠᠮᠵᠢᠨ ᠬᠤᠷᠢᠭᠳᠠᠭᠰᠠᠨ ᠬᠥᠮᠥᠰ ᠢ ᠡᠷᠢᠨ ᠠᠪᠤᠷᠠᠵᠤ᠂ ᠬᠥᠮᠥᠨ ᠬᠠᠷ᠎ᠠ ᠶᠢᠨ ᠠᠳᠡᠯ ᠰᠢᠷᠬᠠᠲᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠶᠡᠷᠦᠩᠬᠡᠢ ᠳᠡᠭᠡᠨ ᠤᠷᠤᠭᠰᠢᠲᠠᠢ ᠶᠠᠪᠤᠭᠳᠠᠵᠤ ᠪᠠᠶᠢᠨ᠎ᠠ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠣᠳᠣᠬᠠᠨ ᠳᠤ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠭ᠎ᠠ ᠪᠤᠯᠬᠤᠷ ᠤᠭᠳᠤ ᠰᠤᠯᠠᠷᠠᠭᠤᠯᠵᠤ ᠪᠣᠯᠬᠤ ᠦᠭᠡᠢ᠃ ᠠᠵᠢᠯ ᠢᠶᠠᠨ ᠨᠡᠩ ᠨᠠᠷᠢᠯᠢᠭ ᠬᠢᠵᠦ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ᠃ ᠠᠪᠤᠷᠠᠨ ᠲᠤᠰᠠᠯᠠᠬᠤ ᠬᠤᠶᠢᠲᠤᠬᠢ ᠶᠠᠪᠤᠳᠠᠯ ᠢ ᠰᠶᠢᠳᠪᠦᠷᠢᠯᠡᠬᠦ ᠠᠵᠢᠯ ᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠡᠮᠴᠢᠯᠡᠭᠡᠨ ᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠠᠮᠲᠤᠷᠠᠨ ᠣᠨᠣᠰᠢᠯᠠᠵᠤ᠂ ᠰᠢᠷᠬᠠᠲᠤᠭᠰᠠᠳ ᠢ ᠪᠦᠬᠦ ᠬᠦᠴᠦᠨ ᠢᠶᠠᠷ ᠢᠶᠠᠨ ᠠᠪᠤᠷᠠᠨ ᠡᠮᠨᠡᠬᠦ ᠬᠡᠷᠡᠭᠲᠡᠢ᠃ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠡᠳᠬᠢᠯ ᠲᠠᠯᠪᠢᠨ ᠪᠠᠲᠤᠯᠠᠵᠤ᠂ ᠲᠦᠷ ᠴᠠᠭ ᠤᠨ ᠲᠥᠪᠬᠢᠨᠡᠭᠦᠯᠬᠦ ᠪᠠ ᠰᠢᠯᠵᠢᠯᠲᠡ ᠶᠢᠨ ᠬᠤᠭᠤᠴᠠᠭᠠᠨ ᠤ ᠲᠥᠪᠬᠢᠨᠡᠭᠦᠯᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ᠂ ᠭᠠᠮᠰᠢᠭᠳᠠᠭᠰᠠᠨ ᠤᠯᠠᠨ ᠲᠦᠮᠡᠨ ᠤ ᠬᠠᠯᠠᠭᠤᠨ ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠭᠠᠮᠰᠢᠭ ᠤᠨ ᠳᠠᠷᠠᠭᠠᠬᠢ ᠰᠡᠷᠭᠦᠭᠡᠨ ᠲᠠᠬᠢᠨ ᠪᠦᠲᠦᠭᠡᠨ ᠪᠠᠶᠢᠭᠤᠯᠬᠤ ᠠᠵᠢᠯ ᠢ ᠲᠦᠷᠭᠡᠳᠬᠡᠵᠦ᠂ ᠰᠠᠭᠤᠷᠢ ᠲᠥᠬᠦᠭᠡᠷᠦᠮᠵᠢ ᠶᠢ ᠵᠠᠰᠠᠨ ᠰᠡᠷᠭᠦᠭᠡᠬᠦ ᠪᠠ ᠪᠠᠭᠤᠷᠢ ᠶᠢ ᠴᠡᠪᠡᠷᠯᠡᠬᠦ ᠠᠵᠢᠯ ᠢ ᠱᠠᠯᠠᠪᠳᠠᠨ ᠰᠠᠶᠢᠲᠤᠷ ᠬᠢᠵᠦ᠂ ᠭᠠᠮᠰᠢᠭᠳᠠᠭᠰᠠᠨ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠲᠦᠷᠭᠡᠬᠡᠨ ᠰᠡᠷᠭᠦᠭᠡᠬᠦ ᠬᠡᠷᠡᠭᠲᠡᠢ᠃ ᠨᠡᠶᠢᠭᠡᠮ ᠢ ᠲᠣᠭᠲᠠᠭᠤᠨ ᠪᠠᠶᠢᠯᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠲᠦᠷᠦᠯ ᠤᠨ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠪᠠᠶᠢᠴᠠᠭᠠᠨ ᠰᠶᠢᠳᠪᠦᠷᠢᠯᠡᠵᠦ᠂ ᠡᠷᠬᠡ ᠰᠦᠷᠲᠦ ᠮᠡᠳᠡᠭᠡ ᠵᠠᠩᠭᠢ ᠨᠡᠶᠢᠲᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠲᠠᠢ ᠭᠠᠵᠠᠷ ᠣᠷᠣᠨ ᠤ ᠭᠡᠷ ᠪᠠᠶᠢᠰᠢᠩ᠂ ᠰᠠᠭᠤᠷᠢ ᠲᠦᠬᠦᠭᠡᠷᠦᠮᠵᠢ ᠶᠢᠨ ᠭᠠᠵᠠᠷ ᠬᠥᠳᠡᠯᠦᠯᠲᠡ ᠶᠢ ᠳᠠᠭᠠᠭᠠᠬᠤ ᠴᠢᠳᠠᠪᠤᠷᠢ ᠪᠣᠯᠣᠨ ᠭᠠᠵᠠᠷ ᠬᠥᠳᠡᠯᠦᠯᠲᠡ ᠶᠢᠨ ᠭᠠᠮᠰᠢᠭ ᠢ ᠠᠷᠭᠠᠴᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠨᠢᠭᠲᠠ ᠬᠠᠮᠵᠢᠯᠴᠠᠵᠤ᠂ ᠡᠯ᠎ᠡ ᠱᠠᠲᠤᠨ ᠤ ᠺᠠᠳ᠋ᠷᠴᠤᠳ ᠡᠮᠦᠨ᠎ᠡ ᠹᠷᠣᠨᠲ ᠢ ᠪᠠᠲᠤ ᠰᠠᠬᠢᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 9 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号