1 ᠰᠠᠷ᠎ᠠ ᠶᠢᠨ 9 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠳᠬ᠎ᠠ ᠤᠷᠠᠯᠢᠭ ᠤᠨ | ᠬᠤᠯᠪᠣᠭ᠎ᠠ ᠠᠴᠠ ᠭᠤᠣᠯᠯᠠᠨ ᠡᠷᠬᠢᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠳᠬ᠎ᠠ | ᠤᠷᠠᠯᠢᠭ ᠤᠨ ᠬᠤᠯᠪᠣᠭ᠎ᠠ ᠶᠢᠨ ᠰᠢᠨ᠎ᠡ ᠤᠳᠬ᠎ᠠ ᠤᠷᠠᠯᠢᠭ ᠤᠨ ᠪᠦᠯᠬᠦᠮ ᠤᠨ ᠵᠥᠪᠯᠡᠯ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠤᠣᠯᠢᠨ ᠭᠤᠣᠯ ᠨᠡᠶᠢᠭᠡᠮ | ᠲᠣᠭᠤᠷᠢᠭ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ᠂ ᠢᠷᠡᠭᠡᠳᠦᠢ ᠶᠢᠨ ᠵᠢᠷᠤᠭ ᠤᠨ ᠬᠦᠷᠢᠶᠡᠯᠡᠩ ᠬᠠᠮᠲᠤᠷᠠᠨ ᠡᠷᠬᠢᠯᠡᠭᠰᠡᠨ ︽ᠪᠠᠶᠠᠷ ᠬᠥᠷ ᠢᠶᠠᠷ | ᠴᠠᠭᠠᠨ ᠰᠠᠷ᠎ᠠ ᠶᠢ ᠤᠭᠲᠤᠵᠤ ᠳᠠᠷᠪᠠᠭᠤᠯ ᠬᠡᠶᠢᠰᠬᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠰᠢᠨ᠎ᠡ ᠠᠶᠠᠨ ᠵᠠᠮ︾ | ᠭᠡᠬᠦ ᠭᠤᠣᠯ ᠰᠡᠳᠦᠪᠲᠦ ᠨᠥᠬᠦᠷᠯᠡᠯ ᠤᠨ ᠬᠤᠷᠠᠯ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠤᠨ ᠬᠤᠣᠯᠢᠨ ᠭᠤᠣᠯ ᠨᠡᠶᠢᠭᠡᠮ ᠲᠣᠭᠤᠷᠢᠭ ᠲᠤ ᠶᠠᠪᠤᠭᠳᠠᠪᠠ᠃ | ᠠᠬᠤᠢ ᠲᠠᠯᠠᠪᠠᠢ ᠶᠢᠨ ᠦᠵᠡᠭᠴᠢᠳ ᠤᠨ ᠬᠦᠰᠡᠯ ᠡᠷᠡᠮᠡᠯᠵᠡᠯ ᠪᠣᠯᠤᠨ ᠤᠷᠠᠢ ᠬᠠᠰᠬᠢᠷᠬᠤ ᠶᠢ ᠳᠠᠭᠠᠯᠳᠤᠨ᠂ | ᠲᠣᠭᠯᠠᠯᠲᠠ ᠡᠬᠢᠯᠡᠪᠡ᠃ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ | ᠬᠤᠤᠯᠢᠩᠭᠤᠤᠯ ᠤᠨ ᠨᠡᠶᠢᠭᠡᠮ ᠲᠣᠭᠤᠷᠢᠭ ᠤᠨ ᠬᠡᠦᠬᠡᠳ ᠤᠨ ᠪᠥᠵᠢᠭ ᠤᠨ ᠠᠩᠭᠢ ᠶᠢᠨ ᠪᠢᠴᠢᠬᠠᠨ ᠨᠠᠶᠢᠵᠠ ᠨᠠᠷ ᠡᠩ | ᠲᠡᠷᠢᠭᠦᠨ ᠳᠤ ᠲᠠᠶᠢᠰᠠᠨ ᠳᠤ ᠭᠠᠷᠴᠤ ᠪᠠᠶᠠᠷ ᠬᠦᠷ ᠲᠠᠢ ᠪᠥᠵᠢᠭ ︽ᠭᠡᠳᠡᠰᠦ ᠪᠠᠨ ᠲᠡᠨᠢᠢᠯᠭᠡᠨ ᠠᠯᠢᠶᠠᠷᠬᠠᠬᠤ ᠠᠯᠢᠶ᠎ᠠ︾ | ᠶᠢ ᠲᠣᠭᠯᠠᠵᠤ᠂ ᠴᠣᠪᠣᠭᠤ ᠳᠡᠭᠵᠢᠨ ᠪᠥᠵᠢᠭ ᠢᠶᠠᠷ ᠪᠦᠬᠦ ᠲᠠᠯᠠᠪᠠᠢ ᠶᠢᠨ ᠠᠭᠤᠷ ᠠᠮᠢᠰᠬᠤᠯ ᠢ ᠬᠥᠭᠵᠢᠭᠡᠪᠡ᠃ | ᠳᠠᠷᠠᠭ᠎ᠠ ᠨᠢ ᠳᠥᠷᠪᠡᠨ ᠤᠲᠠᠰᠤᠲᠤ ᠬᠤᠭᠤᠷ ᠤᠨ ᠲᠣᠭᠯᠠᠯᠲᠠ᠂ ᠦᠯᠢᠭᠡᠷ᠂ ᠲᠣᠰᠬᠤᠨ ᠤ ᠳᠠᠭᠤᠤ ᠳᠠᠭᠤᠯᠠᠬᠤ᠂ | ᠪᠥᠵᠢᠭ ᠵᠡᠷᠭᠡ ᠭᠤᠶᠢᠳᠠ ᠰᠠᠶᠢᠬᠠᠨ ᠲᠣᠭᠯᠠᠯᠲᠠ ᠵᠠᠯᠭᠠᠭ᠎ᠠ ᠪᠠᠷ ᠭᠠᠷᠴᠤ᠂ ᠦᠵᠡᠭᠴᠢᠳ ᠨᠢᠵᠢᠭᠢᠨᠡᠲᠡᠯ᠎ᠡ ᠠᠯᠠᠭ᠎ᠠ | ᠲᠠᠰᠢᠪᠠ᠃ ᠠᠵᠢᠯᠯᠠᠭ᠎ᠠ ᠳᠤ ᠪᠠᠰᠠ 2 ᠠᠬᠠᠮᠠᠳ ᠨᠠᠮ ᠤᠨ ᠭᠡᠰᠢᠭᠦᠨ᠂ 5 ᠦᠨᠳᠦᠰᠦᠲᠡᠨ ᠤ ᠪᠦᠯᠬᠦᠮᠳᠡᠯ ᠤᠨ | ᠲᠡᠷᠢᠭᠦᠨ ᠤ ᠬᠤᠪᠢ ᠬᠥᠮᠦᠨ᠂ ᠬᠠᠮᠤᠭ ᠤᠨ ᠭᠤᠶᠣ ᠴᠡᠪᠡᠷᠯᠡᠭᠴᠢ ᠶᠢ ᠲᠣᠬᠤᠨᠢᠭᠤᠯᠵᠤ ᠬᠥᠬᠢᠭᠦᠯᠦᠨ ᠰᠠᠶᠢᠰᠢᠶᠠᠪᠠ᠃ | ︽ᠥᠨᠥᠳᠦᠷ ᠮᠠᠨ ᠤ ᠤᠷᠠᠯᠢᠭ ᠤᠨ ᠪᠦᠯᠬᠦᠮ ᠤᠨ ᠡᠳᠡᠭᠡᠷ ᠠᠬᠠᠮᠠᠳ ᠠᠩᠭᠢ ᠶᠢᠨ ᠭᠡᠰᠢᠭᠦᠳ᠂ ᠬᠤᠰᠢᠭᠤᠨ ᠤ | ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠷᠬᠢᠯᠡᠭᠰᠡᠨ ︿ᠰᠢᠨ᠎ᠡ ᠵᠢᠯ ᠢ ᠤᠭᠲᠤᠬᠤ﹀ ᠨᠥᠬᠦᠷᠯᠡᠯ ᠤᠨ | ᠬᠤᠷᠠᠯ ᠳᠤ ᠠᠵᠠ ᠪᠠᠷ ᠣᠷᠣᠯᠴᠠᠵᠤ᠂ ᠮᠠᠰᠢ ᠪᠠᠶᠠᠷ ᠲᠠᠢ ᠠᠵᠠ ᠲᠠᠢ ᠰᠠᠨᠠᠭᠳᠠᠵᠤ ᠪᠠᠶᠢᠨ᠎ᠠ᠃ ᠪᠠᠰᠠ ᠨᠡᠶᠢᠭᠡᠮ | ᠲᠣᠭᠤᠷᠢᠭ ᠠᠴᠠ ᠪᠢᠳᠡᠨ ᠳᠤ ᠳᠡᠯᠭᠡᠨ ᠦᠵᠡᠭᠦᠯᠬᠦ ᠲᠣᠬᠢᠶᠠᠯ ᠬᠠᠩᠭᠠᠭᠰᠠᠨ ᠳᠤ ᠲᠠᠯᠠᠷᠬᠠᠵᠤ ᠪᠠᠶᠢᠨ᠎ᠠ᠂ ᠣᠯᠠᠨ ᠤ | ᠰᠢᠨ᠎ᠡ ᠨᠢᠭᠡ ᠵᠢᠯ ᠤᠨ ᠲᠦᠮᠡᠨ ᠶᠠᠪᠤᠳᠠᠯ ᠰᠡᠳᠬᠢᠯ ᠬᠠᠨᠤᠮᠵᠢᠲᠠᠢ ᠪᠠᠶᠢᠬᠤ ᠶᠢ ᠵᠥᠩᠨᠡᠶ᠎ᠡ︾ ᠬᠡᠵᠤ ᠬᠤᠰᠢᠭᠤᠨ ᠤ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠤᠤᠯᠢᠩᠭᠤᠤᠯ ᠨᠡᠶᠢᠭᠡᠮ ᠲᠣᠭᠤᠷᠢᠭ ᠤᠨ ᠴᠤᠤᠷᠢᠶ᠎ᠠ | ᠤᠷᠠᠯᠢᠭ ᠤᠨ ᠪᠦᠯᠬᠦᠮ ᠤᠨ ᠲᠣᠭᠯᠠᠭᠴᠢ ᠲᠦᠩ ᠢᠦᠢ ᠯᠠᠨ ᠬᠡᠯᠡᠪᠡ᠃ |